ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ | ᠹᠧᠢ ᠳ᠋ᠢ ᠠᠵᠤ ᠠᠬᠤᠢ ᠶᠢᠨ ᠬᠠᠷᠢᠯᠴᠠᠭᠠᠨ ᠤ ᠠᠯᠪᠠᠨ ᠭᠡᠷ᠂ ᠶᠢᠨ ᠰᠠᠨ ᠵᠢᠶᠥᠥ ᠠᠵᠤ ᠦᠢᠯᠡᠰ ᠤᠨ ᠬᠥᠭᠵᠢᠯᠲᠡ ᠶᠢᠨ | ᠦᠢᠯᠡᠴᠢᠯᠡᠭᠡᠨ ᠤ ᠲᠥᠪ ᠲᠤ᠄ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ︽ᠯᠢ ᠳ᠋ᠦᠩ ᠬᠤᠸᠠ ᠵᠡᠷᠭᠡ | ᠨᠥᠬᠦᠳ ᠤᠨ ᠲᠤᠰᠢᠶᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠦᠴᠦᠸᠠᠨ ᠨᠠᠮ ᠺᠠᠳ᠋ᠷ ﹇2024﹈ 83 | ᠳ᠋ᠤᠭᠠᠷ ᠲᠣᠭᠠᠲᠤ︶᠂ ︽ᠯᠢᠦ ᠳ᠋ᠠᠨ ᠵᠡᠷᠭᠡ ᠨᠥᠬᠦᠳ ᠤᠨ ᠲᠤᠰᠢᠶᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ | ︵ᠦᠴᠦᠸᠠᠨ ᠨᠠᠮ ᠺᠠᠳ᠋ᠷ ﹇2024﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ | 21 ᠳ᠋ᠦᠭᠡᠷ ᠤᠳᠠᠭᠠᠨ ᠤ ᠬᠤᠷᠠᠯ ᠢᠶᠠᠷ ᠰᠤᠳᠤᠯᠤᠭᠠᠳ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | ᠠᠴᠠ ᠲᠣᠭᠲᠠᠭᠠᠭᠰᠠᠨ ᠨᠢ᠄᠄ | ᠲᠤᠰᠢᠶᠠᠯ ᠳᠤ ᠲᠣᠮᠢᠯᠠᠬᠤ᠄ | ᠹᠠᠨ ᠰᠢᠶᠣᠣ ᠢᠦᠢ ᠨᠥᠬᠦᠷ ᠢ ᠦᠴᠦᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠨ᠎ᠠ︔ | ᠶᠠᠩ ᠵᠢᠶᠦ᠋ᠨ ᠨᠥᠬᠦᠷ ᠢ ᠦᠴᠦᠸᠠᠨ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠨ᠎ᠠ︔ | ᠸᠠᠩ ᠭᠤᠤ ᠶᠠᠨ ᠨᠥᠬᠦᠷ ᠪᠣᠯ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ | ᠡᠷᠬᠢᠯᠡᠭᠴᠢ ᠶᠢᠨ ᠲᠤᠰᠢᠶᠠᠯ ᠳᠤ ᠲᠣᠮᠢᠯᠠᠨ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠨᠢ 1 ᠵᠢᠯ︔ | ᠯᠢᠦ ᠳ᠋ᠠᠨ ᠨᠥᠬᠦᠷ ᠪᠣᠯ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠥᠪ ᠤᠨ ᠡᠷᠬᠢᠯᠡᠭᠴᠢ | ᠶᠢᠨ ᠲᠤᠰᠢᠶᠠᠯ ᠳᠤ ᠲᠣᠮᠢᠯᠠᠨ᠎ᠠ᠂ ᠲᠤᠷᠰᠢᠨ ᠬᠡᠷᠡᠭᠯᠡᠬᠦ ᠬᠤᠭᠤᠴᠠᠭ᠎ᠠ ᠨᠢ 1 ᠵᠢᠯ᠃ | ᠲᠤᠰᠢᠶᠠᠯ ᠠᠴᠠ ᠪᠠᠭᠤᠯᠭᠠᠬᠤ᠄ | ᠠᠨ ᠸᠠᠩ ᠨᠥᠬᠦᠷ ᠢ ᠦᠴᠦᠸᠠᠨ ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠶᠢᠨ | ᠲᠤᠰᠢᠶᠠᠯ ᠠᠴᠠ ᠪᠠᠭᠤᠯᠭᠠᠨ᠎ᠠ︔ | ᠵᠠᠩ ᠯᠢᠶᠠᠩ ᠯᠢᠶᠠᠩ ᠨᠥᠬᠦᠷ ᠢ ᠦᠴᠦᠸᠠᠨ ᠰᠢᠶᠠᠨ ᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ | ᠲᠥᠪ ᠤᠨ ᠡᠷᠬᠢᠯᠡᠭᠴᠢ ᠶᠢᠨ ᠲᠤᠰᠢᠶᠠᠯ ᠠᠴᠠ ᠪᠠᠭᠤᠯᠭᠠᠨ᠎ᠠ᠃ | | ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ | 2024 ᠣᠨ ᠤ 12 ᠰᠠᠷ᠎ᠠ ᠶᠢᠨ 26 ᠤ ᠡᠳᠦᠷ | | |