​ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/12/30
             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ              ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ          ᠥᠪᠥᠷ ᠵᠠᠰᠠᠭ ᠠᠯᠪᠠᠨ ᠲᠠᠷᠬᠠᠭᠠᠭᠰᠠᠨ ﹇2024﹈ 47 ᠳ᠋ᠤᠭᠠᠷ ᠲᠣᠭᠠᠲᠤ      ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                    2024 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ                                      ︵ᠳᠤᠰ ᠪᠢᠴᠢᠭ ᠮᠠᠲ᠋ᠧᠷᠢᠶᠠᠯ ᠢ ᠢᠯᠡ  ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠬᠦ ᠲᠥᠰᠥᠯ      ᠳᠣᠣᠷ᠎ᠠ ᠠᠭᠠᠷ ᠤᠨ ᠣᠷᠣᠨ ᠪᠣᠯ ᠳᠣᠣᠷ᠎ᠠ ᠠᠭᠠᠷ ᠤᠨ ᠠᠵᠤ ᠠᠬᠤᠢ ᠪᠠ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠢ ᠬᠥᠭᠵᠢᠭᠦᠯᠬᠦ ᠶᠢᠨ ᠰᠠᠭᠤᠷᠢ ᠪᠣᠯᠣᠨ᠎ᠠ᠃ ᠪᠥᠬᠦ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠳᠣᠣᠷ᠎ᠠ ᠠᠭᠠᠷ ᠤᠨ ᠨᠢᠰᠦᠯᠲᠡ ᠶᠢᠨ ᠠᠮᠤᠷ ᠲᠦᠪᠰᠢᠨ ᠰᠢᠭᠤᠳ ᠰᠢᠯᠤᠭᠤᠨ ᠪᠠ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ᠂ ᠠᠭᠠᠷ ᠤᠨ ᠣᠷᠣᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠂ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠬᠠᠷᠠᠯᠲᠠ      ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠬᠠᠮᠵᠢᠯᠴᠠᠨ ᠬᠠᠮᠢᠶᠠᠷᠬᠤ ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠲᠦᠰᠢᠭ ᠪᠣᠯᠭᠠᠵᠤ᠂ ᠴᠡᠷᠢᠭ ᠤᠨ ᠲᠠᠯ᠎ᠠ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠪᠠ ᠬᠡᠷᠡᠭᠯᠡᠭᠴᠢᠳ ᠤᠨ ᠳᠣᠣᠷ᠎ᠠ ᠠᠭᠠᠷ ᠤᠨ ᠨᠢᠰᠦᠯᠲᠡ ᠶᠢᠨ ᠬᠡᠷᠡᠭᠴᠡᠭᠡ ᠶᠢ ᠬᠠᠩᠭᠠᠬᠤ ᠪᠠᠷ ᠤᠳᠤᠷᠢᠳᠤᠮᠵᠢ ᠪᠣᠯᠭᠠᠵᠤ᠂ ᠳᠣᠣᠷ᠎ᠠ ᠠᠭᠠᠷ ᠤᠨ ᠣᠷᠣᠨ ᠢ ᠬᠥᠳᠡᠯᠦᠩᠭᠦᠢ ᠪᠠᠷ ᠬᠠᠮᠢᠶᠠᠷᠬᠤ᠂ ᠠᠮᠢᠳᠤᠯᠢᠭ ᠢᠶᠠᠷ ᠬᠡᠷᠡᠭᠯᠡᠬᠦ ᠪᠠᠷ ᠵᠣᠷᠢᠯᠭ᠎ᠠ ᠪᠣᠯᠭᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠣᠯᠠᠨ ᠲᠠᠯ᠎ᠠ ᠪᠠᠷ ᠬᠠᠮᠵᠢᠯᠴᠠᠬᠤ᠂ ᠲᠥᠯᠦᠪᠵᠢᠭᠦᠯᠭᠡ ᠪᠠᠷ ᠬᠥᠲᠥᠯᠥᠨ ᠵᠢᠯᠤᠭᠤᠳᠬᠤ᠂ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠥᠨ ᠳᠠᠭᠠᠭᠤᠯᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭᠠᠷ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠠᠭᠤᠷᠢ ᠪᠡᠯᠡᠳᠬᠡᠮᠵᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠠᠶᠢᠷᠢᠰᠢᠭᠤᠯᠵᠤ᠂ ᠳ᠋ᠠᠶᠢᠲ᠋ᠠ ᠶᠢᠨ ᠮᠡᠳᠡᠭᠡ ᠵᠠᠩᠭᠢ ᠶᠢᠨ ᠲᠠᠪᠴᠠᠩ ᠢ ᠤᠷᠢᠳ ᠢᠶᠠᠷ ᠪᠦᠲᠦᠭᠡᠨ ᠪᠠᠶᠢᠭᠤᠯᠵᠤ᠂ ᠠᠵᠢᠯᠯᠠᠭᠠᠨ ᠤ ᠳᠦᠷᠢᠮ ᠢ ᠵᠡᠷᠭᠡ ᠳᠤ ᠨᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠦᠷᠭᠡᠳᠬᠡᠨ ᠪᠣᠶᠢᠵᠢᠭᠤᠯᠤᠨ᠎ᠠ᠃ 2027ᠣᠨ ᠪᠣᠯᠬᠤ ᠳᠤ᠂ ᠪᠥᠬᠦ ᠣᠷᠣᠨ ᠤ ᠳᠣᠣᠷ᠎ᠠ ᠠᠭᠠᠷ ᠤᠨ ᠣᠷᠣᠨ ᠢ ᠭᠦᠢᠴᠡᠳ ᠴᠢᠯᠦᠭᠡᠲᠡᠢ ᠪᠣᠯᠭᠠᠵᠤ᠂ ᠥᠨᠳᠥᠷ ᠪᠦᠲᠦᠮᠵᠢᠲᠡᠶ ᠪᠠᠷ ᠠᠰᠢᠭᠯᠠᠨ᠂ ᠳᠣᠣᠷ᠎ᠠ ᠠᠭᠠᠷ ᠤᠨ ᠨᠢᠰᠦᠯᠲᠡ ᠶᠢᠨ ᠰᠠᠭᠤᠷᠢ ᠪᠡᠯᠡᠳᠬᠡᠮᠵᠢ ᠶᠢ ᠪᠦᠲᠦᠮᠵᠢᠲᠡᠶ ᠬᠠᠮᠤᠷᠴᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠠᠵᠢᠯᠯᠠᠭᠤᠯᠤᠨ᠂ ᠲᠣᠭᠲᠠᠭᠠᠯ ᠳᠦᠷᠢᠮ ᠢ ᠪᠦᠷᠢᠨᠰᠢᠭᠦᠯᠦᠨ ᠵᠢᠷᠤᠮᠵᠢᠭᠤᠯᠵᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠳᠣᠣᠷ᠎ᠠ ᠠᠭᠠᠷ ᠤᠨ ᠣᠷᠣᠨ ᠤ ᠬᠠᠮᠵᠢᠯᠴᠠᠨ ᠬᠠᠮᠢᠶᠠᠷᠬᠤ ᠲᠣᠭᠲᠠᠯᠴᠠᠭ᠎ᠠ ᠶᠢ ᠦᠨᠳᠦᠰᠦᠨ ᠳᠤ ᠪᠠᠨ ᠲᠡᠭᠦᠯᠳᠡᠷᠵᠢᠭᠦᠯᠦᠨ᠎ᠡ᠃      ᠬᠤᠶᠠᠷ᠂ ᠠᠵᠢᠯ ᠤᠨ ᠡᠭᠦᠷᠭᠡ     ︵ᠨᠢᠭᠡ︶ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠴᠡᠷᠢᠭ ᠤᠨ ᠲᠠᠯ᠎ᠠ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠪᠠᠷᠢᠯ ᠤᠨ ᠪᠠᠶᠢᠭᠤᠯᠤᠯᠲᠠ ᠪᠠ ᠮᠡᠳᠡᠭᠡ ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠵᠤ᠂ ᠠᠭᠠᠷ ᠤᠨ ᠣᠷᠣᠨ ᠢ ᠬᠠᠮᠢᠶᠠᠷᠴᠤ ᠵᠣᠬᠢᠴᠠᠭᠤᠯᠬᠤ ᠲᠣᠭᠲᠠᠴᠠ ︵ᠳᠣᠷᠣᠭᠰᠢ ᠵᠣᠬᠢᠴᠠᠭᠤᠯᠬᠤ ᠲᠣᠭᠲᠠᠴᠠ ᠭᠡᠵᠦ ᠲᠣᠪᠴᠢᠯᠠᠨ᠎ᠠ︶ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠠᠴᠠ ᠶᠡᠷᠦᠩᠬᠡᠢ ᠬᠤᠷᠠᠯᠳᠤᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠳᠡᠳ᠋ ᠬᠤᠷᠠᠯᠳᠤᠭᠤᠯᠤᠭᠴᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ ᠪᠠ ᠬᠤᠶᠢᠲᠤ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ ᠱᠲ᠋ᠠᠪ ᠤᠨ ᠭᠠᠵᠠᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠤᠮᠠᠷᠠᠲᠤ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰ ᠪᠦᠷᠢ 1 ᠤᠳᠤᠷᠢᠳᠤᠯᠭ᠎ᠠ ᠠᠴᠠ ᠡᠭᠦᠷᠭᠡᠯᠡᠵᠦ᠂ ᠳᠣᠣᠷ᠎ᠠ ᠠᠭᠠᠷ ᠤᠨ ᠣᠷᠣᠨ ᠢ ᠬᠠᠮᠵᠢᠯᠴᠠᠨ ᠬᠠᠮᠢᠶᠠᠷᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ᠃ ᠵᠣᠬᠢᠴᠠᠭᠤᠯᠬᠤ ᠲᠣᠭᠲᠠᠴᠠ ᠶᠢᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠪᠠᠶᠢᠷᠢᠯᠠᠭᠤᠯᠵᠤ᠂ ᠡᠳᠦᠷ ᠲᠤᠲᠤᠮ ᠤᠨ ᠠᠵᠢᠯ ᠶᠠᠪᠤᠳᠠᠯ ᠢ ᠬᠠᠷᠢᠭᠤᠴᠠᠨ᠎ᠠ᠃ ᠡᠯ᠎ᠡ ᠠᠶᠢᠮᠠᠭ ᠬᠤᠲᠠ ᠨᠢ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠵᠣᠯᠭᠠᠭᠤᠯᠬᠤ ᠲᠣᠭᠲᠠᠴᠠ ᠶᠢ ᠪᠠᠶᠢᠭᠤᠯᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2024ᠣᠨ ᠤ 12 ᠳ᠋ᠤᠭᠠᠷ ᠰᠠᠷ᠎ᠠ︶     ︵ᠬᠤᠶᠠᠷ︶ ᠳᠣᠣᠷ᠎ᠠ ᠠᠭᠠᠷ ᠤᠨ ᠣᠷᠣᠨ ᠢ ᠵᠦᠢ ᠵᠣᠬᠢᠰᠲᠠᠢ ᠬᠤᠪᠢᠶᠠᠷᠢᠯᠠᠨ ᠲᠣᠬᠢᠷᠠᠭᠤᠯᠤᠨ᠎ᠠ᠃ ᠲᠥᠪ ᠤᠨ ᠠᠭᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠤᠷᠢᠶᠠᠨ ᠤ ᠠᠭᠠᠷ ᠤᠨ ᠣᠷᠣᠨ ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠵᠠᠷᠴᠢᠮ ᠶᠣᠰᠣᠭᠠᠷ᠂ ︽ᠴᠡᠷᠢᠭ ᠠᠩᠭᠢ ᠣᠷᠣᠨ ᠨᠤᠲᠤᠭ ᠠᠷᠠᠳ︾ ᠤᠨ ᠠᠭᠠᠷ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ᠂ ᠳᠣᠣᠷ᠎ᠠ ᠠᠭᠠᠷ ᠤᠨ ᠣᠷᠣᠨ ᠤ ᠡᠬᠢ ᠪᠠᠶᠠᠯᠢᠭ ᠢ ᠪᠠᠶᠢᠴᠠᠭᠠᠨ ᠦᠨᠡᠯᠡᠨ ᠵᠢᠱᠢᠬᠦ ᠶᠢ ᠥᠷᠨᠢᠭᠦᠯᠵᠦ᠂ ᠬᠠᠮᠢᠶᠠᠷᠴᠤ ᠬᠡᠷᠡᠭᠯᠡᠵᠦ ᠪᠠᠶᠢᠭ᠎ᠠ ᠣᠳᠣᠬᠢ ᠪᠠᠶᠢᠳᠠᠯ᠂ ᠬᠡᠷᠡᠭᠴᠡᠭᠡ ᠱᠠᠭᠠᠷᠳᠠᠯᠭ᠎ᠠ ᠪᠠ ᠪᠠᠶᠢᠳᠠᠯ ᠢ ᠲᠣᠳᠣᠷᠬᠠᠢ ᠣᠶᠢᠯᠠᠭᠠᠨ᠂ ᠳᠣᠣᠷ᠎ᠠ ᠠᠭᠠᠷ ᠤᠨ ᠣᠷᠣᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠳᠠᠯᠢ ᠪᠤᠰᠤ ᠠᠭᠠᠷ ᠤᠨ ᠣᠷᠣᠨ ᠤ ᠬᠠᠷᠢᠶᠠᠲᠤ ᠴᠢᠨᠠᠷ ᠤᠨ ᠲᠥᠷᠥᠯ ᠢᠯᠭᠠᠯ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠂ 3000 ᠮᠧᠲᠷ ᠠᠴᠠ ᠳᠣᠷᠣᠭᠰᠢᠬᠢ ᠥᠪᠡᠷᠲᠡᠭᠡᠨ ᠵᠠᠰᠠᠬᠤ ᠣᠷᠣᠨ ᠤ ᠪᠥᠬᠦ ᠴᠠᠷᠠᠭ᠎ᠠ ᠶᠢᠨ ᠵᠠᠬᠢᠷᠤᠨ ᠬᠠᠮᠢᠶᠠᠷᠬᠤ᠂ ᠬᠢᠨᠠᠨ ᠠᠵᠢᠭᠯᠠᠬᠤ᠂ ᠮᠡᠳᠡᠭᠦᠯᠬᠦ ᠠᠭᠠᠷ ᠤᠨ ᠣᠷᠣᠨ ᠢ ᠲᠥᠷᠥᠯ ᠠᠩᠭᠢᠯᠠᠨ ᠬᠤᠪᠢᠶᠠᠷᠢᠯᠠᠨ ᠲᠣᠬᠢᠷᠠᠭᠤᠯᠬᠤ ᠶᠢ ᠪᠡᠶᠡᠯᠡᠭᠦᠯᠵᠦ᠂ ᠳᠣᠣᠷ᠎ᠠ ᠠᠭᠠᠷ ᠤᠨ ᠣᠷᠣᠨ ᠤ ᠠᠶᠠᠯᠠᠯ ᠤᠨ ᠱᠤᠭᠤᠮ ᠢ ᠨᠠᠷᠢᠯᠢᠭ ᠬᠤᠪᠢᠶᠠᠷᠢᠯᠠᠨ  ᠲᠣᠬᠢᠷᠠᠭᠤᠯᠤᠨ᠎ᠠ︔ ᠠᠭᠠᠷ ᠤᠨ ᠣᠷᠣᠨ ᠤ ᠡᠬᠢ ᠪᠠᠶᠠᠯᠢᠭ ᠤᠨ ᠳᠠᠩᠰᠠ ᠡᠪᠬᠡᠮᠡᠯ ᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠳᠣᠣᠷ᠎ᠠ ᠠᠭᠠᠷ ᠤᠨ ᠨᠢᠰᠦᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠪᠡᠶᠡᠯᠡᠭᠦᠯᠬᠦ ᠴᠠᠭ ᠬᠤᠭᠤᠴᠠᠭ᠎ᠠ᠄ 2025ᠣᠨ ᠤ 12 ᠳ᠋ᠤᠭᠠᠷ ᠰᠠᠷ᠎ᠠ︶      ︵ᠭᠤᠷᠪᠠ︶ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠤᠨ᠎ᠠ᠃ ᠪᠥᠬᠦ ᠣᠷᠣᠨ ᠤ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠢᠴᠢ ᠠᠵᠢᠯᠯᠠᠭᠠᠨ ᠤ ᠬᠠᠮᠢᠶᠠᠷᠤᠯᠲᠠ᠂ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠬᠢᠨᠠᠯᠲᠠ ᠵᠡᠷᠭᠡ 3 ᠳᠡᠮᠵᠢᠬᠦ ᠰᠢᠰᠲ᠋ᠧᠮ ᠢ ᠪᠠᠶᠢᠭᠤᠯᠵᠤ᠂ ᠴᠡᠷᠢᠭ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠦᠯᠲᠡ ᠶᠢᠨ ᠬᠠᠮᠢᠶᠠᠷᠤᠯᠲᠠ᠂ ᠴᠢᠮᠡᠭᠡ ᠮᠡᠳᠡᠭᠡ᠂ ᠠᠭᠠᠷ ᠤᠨ ᠠᠶᠠᠯᠠᠯ ᠤᠨ ᠴᠠᠭ ᠠᠭᠤᠷ ᠵᠡᠷᠭᠡ ᠰᠢᠰᠲ᠋ᠧᠮ ᠢ ᠬᠤᠯᠪᠤᠭᠠᠯᠠᠨ ᠨᠠᠪᠲᠠᠷᠡᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ᠡᠯ᠎ᠡ ᠰᠠᠯᠠᠭ᠎ᠠ ᠮᠥᠴᠢᠷ  ᠨᠢᠭᠡᠴᠢ᠂ ᠡᠯ᠎ᠡ ᠭᠤᠭᠴᠤᠭ᠎ᠠ ᠶᠢ ᠨᠠᠪᠲᠠᠷᠡᠭᠦᠯᠵᠦ᠂ ᠳᠣᠣᠷ᠎ᠠ ᠠᠭᠠᠷ ᠤᠨ ᠨᠢᠰᠦᠯᠲᠡ ᠶᠢᠨ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠨ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠴᠡᠷᠢᠭ ᠠᠷᠠᠳ ᠤᠨ ᠠᠭᠠᠷ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠴᠢ ᠪᠠ ᠳᠣᠣᠷ᠎ᠠ ᠠᠭᠠᠷ ᠤᠨ ᠬᠡᠷᠡᠭᠯᠡᠭᠴᠢᠳ ᠲᠤ ᠬᠢᠨᠠᠨ ᠵᠥᠪᠰᠢᠶᠡᠷᠡᠭᠦᠯᠵᠦ ᠮᠡᠳᠡᠭᠦᠯᠦᠨ ᠳᠠᠩᠰᠠᠯᠠᠭᠤᠯᠬᠤ ᠶᠢ ᠲᠥᠪᠯᠡᠷᠡᠭᠦᠯᠦᠨ ᠭᠦᠢᠴᠡᠳᠬᠡᠵᠦ᠂ ᠴᠢᠮᠡᠭᠡ ᠬᠤᠯᠪᠣᠭ᠎ᠠ ᠶᠢ ᠬᠢᠨᠠᠨ ᠠᠵᠢᠭᠯᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠵᠢᠯᠣᠭᠤᠴᠢ ᠦᠭᠡᠢ ᠨᠢᠰᠬᠡᠯ ᠢᠶᠠᠷ ᠬᠢᠨᠠᠨ ᠬᠠᠮᠢᠶᠠᠷᠬᠤ ᠵᠡᠷᠭᠡ ᠨᠢᠭᠡ ᠴᠣᠭᠴᠠᠵᠢᠭᠤᠯᠤᠭᠰᠠᠨ ᠨᠢᠰᠦᠯᠲᠡ ᠶᠢᠨ ᠦᠢᠯᠡᠴᠢᠯᠡᠭᠡ ᠶᠢ ᠬᠠᠩᠭᠠᠵᠤ᠂ ᠳᠣᠣᠷ᠎ᠠ ᠠᠭᠠᠷ ᠤᠨ ᠣᠷᠣᠨ ᠤ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤ ᠨᠢ ᠬᠠᠮᠲᠤ ᠪᠠᠷ ᠬᠦᠷᠲᠡᠵᠦ᠂ ᠠᠭᠠᠷ ᠤᠨ ᠣᠷᠣᠨ᠂ ᠠᠭᠠᠷ ᠤᠨ ᠠᠶᠠᠯᠠᠯ ᠤᠨ ᠱᠤᠭᠤᠮ ᠢ ᠨᠢᠭᠡᠳᠦᠯᠲᠡᠢ ᠬᠤᠪᠢᠶᠠᠷᠢᠯᠠᠵᠤ᠂ ᠳᠣᠣᠷ᠎ᠠ ᠠᠭᠠᠷ ᠤᠨ ᠣᠷᠣᠨ ᠢ ᠠᠳᠠᠯᠢ ᠪᠤᠰᠤ ᠴᠠᠭ᠂ ᠠᠳᠠᠯᠢ ᠪᠤᠰᠤ ᠥᠨᠳᠥᠷᠴᠡ ᠳᠤ ᠠᠮᠢᠳᠤᠯᠢᠭ ᠢᠶᠠᠷ ᠰᠣᠯᠢᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2025ᠣᠨ ᠤ 12 ᠳ᠋ᠤᠭᠠᠷ ᠰᠠᠷ᠎ᠠ︶      ︵ᠳᠥᠷᠪᠡ︶ ᠰᠠᠭᠤᠷᠢ ᠪᠡᠯᠡᠳᠬᠡᠮᠵᠢ ᠶᠢ ᠯᠠᠪᠳᠠᠭᠤᠨ ᠪᠠᠲᠤᠲᠠᠢ ᠪᠥᠭᠡᠳ ᠡᠮᠬᠢ ᠵᠢᠷᠤᠮ ᠲᠠᠢ ᠪᠠᠶᠢᠷᠢᠰᠢᠭᠤᠯᠤᠨ᠎ᠠ᠃ ᠳᠣᠣᠷ᠎ᠠ ᠠᠭᠠᠷ ᠤᠨ ᠰᠠᠭᠤᠷᠢ ᠪᠡᠯᠡᠳᠬᠡᠮᠵᠢ  ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠦᠯᠲᠡ ᠶᠢᠨ ᠦᠢᠯᠡᠴᠢᠯᠡᠭᠡᠨ ᠤ ᠥᠷᠲᠡᠭᠡ᠂ ᠵᠢᠯᠣᠭᠤᠴᠢ ᠦᠭᠡᠢ ᠨᠢᠰᠬᠡᠯ ᠤᠨ ᠨᠢᠰᠴᠦ ᠭᠠᠵᠠᠷᠳᠠᠬᠤ ᠲᠠᠯᠠᠪᠤᠷ ᠵᠡᠷᠭᠡ ᠪᠡᠯᠡᠳᠬᠡᠮᠵᠢ ᠶᠢ ᠡᠮᠬᠢ ᠵᠢᠷᠤᠮ ᠲᠠᠢ ᠪᠦᠲᠦᠭᠡᠨ ᠪᠠᠶᠢᠭᠤᠯᠵᠤ᠂ ᠳᠣᠣᠷ᠎ᠠ ᠠᠭᠠᠷ ᠤᠨ ᠨᠢᠰᠦᠭᠦᠷ ᠤᠨ ᠨᠢᠰᠴᠦ ᠭᠠᠵᠠᠷᠳᠠᠬᠤ ᠬᠡᠷᠡᠭᠴᠡᠭᠡ ᠶᠢ ᠬᠠᠩᠭᠠᠨ᠎ᠠ᠃ ᠪᠠᠯᠠᠢ ᠣᠷᠣᠨ ᠳᠤ ᠳᠣᠬᠢᠶ᠎ᠠ ᠨᠥᠬᠦᠪᠦᠷᠢᠯᠡᠬᠦ ᠪᠡᠯᠡᠳᠬᠡᠮᠵᠢ ᠶᠢᠨ ᠲᠤᠭ᠎ᠠ ᠬᠡᠮᠵᠢᠶ᠎ᠡ ᠪᠠ ᠣᠷᠣᠨ ᠪᠠᠶᠢᠷᠢ ᠶᠢ ᠲᠣᠳᠣᠷᠬᠠᠢ ᠣᠶᠢᠯᠠᠭᠠᠵᠤ᠂ ᠳᠣᠬᠢᠭᠤᠷ ᠲᠤᠯᠤᠭᠠᠨ ᠣᠲᠣ ᠶᠢᠨ ᠳ᠋ᠠᠶᠢᠲ᠋ᠠ ᠶᠢᠨ ᠬᠡᠯᠬᠢᠶ᠎ᠡ᠂ 5G᠂ 5G–A ᠵᠡᠷᠭᠡ ᠴᠢᠮᠡᠭᠡ ᠬᠤᠯᠪᠣᠭᠠᠨ ᠤ ᠮᠡᠷᠭᠡᠵᠢᠯ ᠢ ᠠᠰᠢᠭᠯᠠᠨ᠂ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ᠂ ᠳᠣᠣᠷ᠎ᠠ ᠠᠭᠠᠷ ᠤᠨ ᠴᠠᠭ ᠠᠭᠤᠷ ᠵᠡᠷᠭᠡ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠬᠡᠷᠡᠭᠴᠡᠭᠡ ᠶᠣᠰᠣᠭᠠᠷ ᠳᠣᠣᠷ᠎ᠠ ᠠᠭᠠᠷ ᠲᠠᠬᠢ ᠴᠢᠮᠡᠭᠡ ᠬᠤᠯᠪᠣᠭ᠎ᠠ᠂ ᠠᠶᠠᠯᠠᠯ ᠵᠠᠯᠠᠬᠤ᠂ ᠬᠢᠨᠠᠨ ᠠᠵᠢᠭᠯᠠᠬᠤ ᠶᠢ ᠪᠦᠲᠦᠮᠵᠢᠲᠡᠶ ᠪᠦᠷᠬᠦᠭᠦᠯᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠃ ᠪᠡᠶᠡᠯᠡᠭᠦᠯᠬᠦ ᠴᠠᠭ ᠬᠤᠭᠤᠴᠠᠭ᠎ᠠ᠄ 2026 ᠣᠨ ᠤ 12 ᠳ᠋ᠤᠭᠠᠷ ᠰᠠᠷ᠎ᠠ︶      ︵ᠲᠠᠪᠤ︶ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠠᠵᠢᠯᠯᠠᠨ ᠡᠵᠡᠩᠨᠡᠬᠦ ᠬᠡᠪ ᠵᠠᠭᠪᠤᠷ ᠢ ᠪᠠᠶᠢᠭᠤᠯᠤᠨ᠎ᠠ᠃ ᠲᠤᠰᠬᠠᠢ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠠᠵᠢᠯᠯᠠᠭᠤᠯᠤᠨ ᠬᠠᠮᠠᠭᠠᠯᠠᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠭᠦᠢᠴᠡᠳ ᠠᠰᠢᠭᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠣᠷᠣᠭᠤᠯᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ ᠤ 6 ᠳ᠋ᠤᠭᠠᠷ ᠰᠠᠷ᠎ᠠ︶      ︵ᠵᠢᠷᠭᠤᠭ᠎ᠠ︶ ᠣᠷᠣᠨ ᠨᠤᠲᠤᠭ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠵᠢᠯᠴᠠᠨ ᠠᠵᠢᠯᠯᠠᠬᠤ ᠳᠦᠷᠢᠮ᠂ ᠵᠢᠯᠣᠭᠤᠴᠢ ᠦᠭᠡᠢ ᠨᠢᠰᠬᠡᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠵᠡᠷᠭᠡ ᠬᠠᠤᠯᠢ ᠲᠣᠭᠲᠠᠭᠠᠯ ᠳᠦᠷᠢᠮ ᠢ ᠨᠡᠶᠢᠲᠡᠯᠡᠬᠦ ᠶᠢ ᠠᠬᠢᠭᠤᠯᠵᠤ᠂ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠦᠢᠯᠡᠴᠢᠯᠡᠭᠡ ᠳᠤ ᠳᠦᠷᠢᠮ ᠤᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠃ ᠪᠡᠶᠡᠯᠡᠭᠦᠯᠬᠦ ᠴᠠᠭ ᠬᠤᠭᠤᠴᠠᠭ᠎ᠠ᠄ 2025 ᠣᠨ 12 ᠳ᠋ᠤᠭᠠᠷ ᠰᠠᠷ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠪᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠨᠠᠮ ᠤᠨ ᠬᠤᠷᠢᠶᠠᠨ ᠤ ᠴᠡᠷᠢᠭ ᠠᠷᠠᠳ ᠤᠨ ᠬᠠᠮ ᠬᠥᠭᠵᠢᠭᠦᠯᠦᠯᠲᠡ ᠶᠢᠨ ᠬᠤᠷᠢᠶᠠᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠳᠣᠣᠷ᠎ᠠ ᠠᠭᠠᠷ ᠤᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠴᠡᠷᠢᠭ ᠠᠩᠭᠢ᠂ ᠠᠷᠠᠳ ᠤᠨ ᠠᠭᠠᠷ ᠤᠨ ᠲᠡᠭᠡᠭᠡᠪᠦᠷᠢ ᠯᠦᠭᠡ ᠨᠡᠪᠲᠡᠷᠡᠯᠴᠡᠨ ᠵᠣᠯᠭᠠᠭᠤᠯᠬᠤ ᠶᠢ ᠬᠠᠷᠢᠭᠤᠴᠠᠨ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠪᠠᠶᠢᠭᠤᠯᠬᠤ ᠶᠢ ᠠᠬᠢᠭᠤᠯᠤᠨ᠎ᠠ︔ ᠳᠣᠣᠷ᠎ᠠ ᠠᠭᠠᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠵᠢᠯᠣᠭᠤᠳᠤᠨ ᠪᠠᠶᠢᠭᠤᠯᠤᠨ᠎ᠠ︔ ᠳᠣᠣᠷ᠎ᠠ ᠠᠭᠠᠷ ᠤᠨ ᠣᠷᠣᠨ ᠪᠠ ᠰᠠᠭᠤᠷᠢ ᠪᠡᠯᠡᠳᠬᠡᠮᠵᠢ ᠶᠢᠨ ᠲᠥᠯᠦᠪᠵᠢᠭᠦᠯᠭᠡ ᠶᠢ ᠵᠢᠯᠣᠭᠤᠳᠤᠨ ᠨᠠᠶᠢᠷᠠᠭᠤᠯᠤᠨ ᠵᠣᠬᠢᠶᠠᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠷᠠᠭᠤᠯᠵᠤ᠂ ᠣᠨ ᠤ ᠡᠭᠦᠷᠭᠡ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠨ ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠰᠢᠭᠤᠳ ᠨᠥᠬᠦᠪᠦᠷᠢ ᠥᠭᠬᠦ᠂ ᠵᠢᠭᠡᠯᠡᠯᠭᠡ ᠳᠤ ᠳᠠᠮ ᠬᠦᠦ ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠦᠯᠲᠡ ᠶᠢᠨ ᠦᠢᠯᠡᠴᠢᠯᠡᠭᠡᠨ ᠤ ᠥᠷᠲᠡᠭᠡ᠂ ᠵᠢᠯᠣᠭᠤᠴᠢ ᠦᠭᠡᠢ ᠨᠢᠰᠬᠡᠯ ᠤᠨ ᠨᠢᠰᠴᠦ  ᠭᠠᠵᠠᠷᠳᠠᠬᠤ ᠲᠠᠯᠠᠪᠤᠷ ᠵᠡᠷᠭᠡ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠠᠰ ᠳᠡᠪᠰᠢᠭᠦᠯᠦᠨ ᠥᠭᠡᠷᠡᠴᠢᠯᠡᠬᠦ ᠠᠵᠢᠯ ᠢ ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠵᠤ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠬᠡᠷᠡᠭᠯᠡᠭᠡᠨ ᠢ ᠴᠢᠩᠭᠠᠳᠬᠠᠨ᠂ ᠳᠣᠣᠷ᠎ᠠ ᠠᠭᠠᠷ ᠤᠨ ᠬᠦᠷᠢᠶᠡᠨ ᠳᠠᠬᠢ ᠮᠡᠷᠭᠡᠵᠢᠯ ᠤᠨ ᠲᠠᠰ ᠳᠡᠪᠰᠢᠬᠦ᠂ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠢᠴᠢᠶᠡᠯ ᠨᠡᠭᠡᠭᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠤᠨ᠂ ᠠᠵᠤ ᠠᠬᠤᠶᠢᠯᠠᠯ ᠢ ᠳᠡᠮᠵᠢᠵᠦ ᠪᠠᠶᠢᠭᠠᠳ ᠳᠣᠣᠷ᠎ᠠ ᠠᠭᠠᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠡᠭᠦᠷᠭᠡᠯᠡᠭᠦᠯᠵᠦ᠂ ᠠᠵᠢᠯᠲᠠᠨ ᠤ ᠪᠣᠯᠪᠠᠰᠤᠷᠠᠯ ᠢ ᠥᠷᠨᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠣᠶ ᠪᠣᠯᠭᠠᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2024 ᠣᠨ ᠤ 11 ᠳ᠋ᠦ᠋ᠭᠡᠷ ᠰᠠᠷ᠎ᠠ ᠶᠢᠨ 12 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号