ᠪᠦᠭᠦ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠵᠢᠷᠤᠮᠵᠢᠭᠤᠯᠤᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/12/30
                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                   ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ               ᠥᠪᠥᠷ ᠵᠠᠰᠠᠭ ᠠᠯᠪᠠᠨ ᠲᠠᠷᠬᠠᠭᠠᠭᠰᠠᠨ ﹇2024﹈ 34 ᠳ᠋ᠦ᠋ᠭᠡᠷ ᠲᠣᠭᠠᠲᠤ      ᠪᠦᠭᠦ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠵᠢᠷᠤᠮᠵᠢᠭᠤᠯᠤᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠤ ︿ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ﹀ ᠢ ᠤᠯᠠᠮᠵᠢᠯᠠᠨ ᠶᠠᠪᠤᠭᠤᠯᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇2023﹈115 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠢ ᠴᠢᠩᠭ᠎ᠠ ᠠᠳᠬᠤᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠪᠥᠬᠦ ᠣᠷᠣᠨ ᠤ ᠠᠷᠠᠳ ᠤᠨ ᠪᠡᠯᠡ ᠣᠷᠣᠭᠤᠯᠤᠯᠲᠠ ᠶᠢᠨ ᠣᠷᠣᠨ ᠵᠠᠢ ᠶᠢ ᠥᠷᠭᠡᠳᠬᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠦᠵᠡᠭᠳᠡᠯ ᠢ ᠡᠷᠡᠰ ᠬᠤᠷᠢᠭᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠎ᠡ      ︵ᠨᠢᠭᠡ︶ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠣᠨᠣᠪᠴᠢᠲᠠᠶ ᠡᠵᠡᠮᠳᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠨᠢ ᠬᠡᠷᠡᠭᠯᠡᠭᠴᠢ ᠶᠢᠨ ᠰᠦᠢᠳᠬᠡᠯ ᠲᠤᠰᠢᠶᠠᠬᠤ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠭᠦᠨ ᠳᠤ ᠨᠢ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠠᠭᠪᠤᠷ ᠢ ᠬᠡᠷᠡᠭᠯᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠨ ᠣᠷᠣᠨ ᠨᠤᠲᠤᠭ ᠤᠨ ᠡᠳ᠋ ᠤᠨ ᠵᠠᠰᠠᠭ ᠤᠨ ᠢᠷᠡᠭᠡᠳᠦᠢ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢ ᠢᠯᠡᠭᠦᠴᠡ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠠᠴᠠ ᠭᠠᠳᠠᠨ᠎ᠠ ᠡᠵᠡᠩᠨᠡᠯᠲᠡ ᠶᠢᠨ ᠨᠡᠮᠡᠭᠦᠷᠢ ᠶᠢ ᠲᠤᠰᠠᠭᠠᠷ ᠣᠯᠭᠤᠬᠤ ᠶᠢ ᠵᠥᠪᠰᠢᠶᠡᠷᠡᠬᠦ ᠦᠭᠡᠢ᠂  ᠶᠠᠪᠤᠭᠤᠰᠢᠲᠠᠢ ᠲᠤᠲᠠᠪᠤᠷᠢ ᠶᠢ ᠨᠥᠬᠦᠪᠦᠷᠢᠯᠡᠬᠦ᠂ ᠳᠣᠣᠷ᠎ᠠ ᠬᠢᠵᠠᠭᠠᠷ ᠤᠨ ᠠᠰᠢᠭ ᠣᠷᠣᠯᠭ᠎ᠠ ᠶᠢᠨ ᠨᠣᠷᠮ᠎ᠠ ᠶᠢ ᠪᠠᠲᠤᠯᠠᠬᠤ ᠪᠠᠷ ᠠᠮᠠᠯᠠᠬᠤ᠂ ᠬᠡᠷᠡᠭᠯᠡᠵᠦ ᠪᠣᠯᠬᠤ ᠴᠢᠨᠠᠷ ᠢᠶᠠᠷ ᠰᠦᠢᠳᠬᠡᠯ ᠲᠤᠰᠢᠶᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠥᠪᠡᠷ ᠤᠨ ᠥᠷᠲᠡᠭ ᠢ ᠨᠥᠬᠦᠪᠦᠷᠢᠯᠡᠬᠦ ᠶᠢ ᠵᠥᠪᠰᠢᠶᠡᠷᠡᠬᠦ ᠦᠭᠡᠢ᠃      ︵ᠬᠤᠶᠠᠷ︶ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ ᠣᠨᠣᠪᠴᠢᠲᠠᠢ ᠡᠵᠡᠮᠳᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠡᠵᠡᠩᠨᠡᠯᠲᠡ ᠶᠢᠨ ᠴᠢᠨᠠᠷᠲᠠᠢ ᠠᠰᠢᠭ ᠣᠷᠣᠯᠭ᠎ᠠ ᠲᠠᠢ ᠲᠥᠷᠥᠯ ᠵᠦᠢᠯ ᠳᠤ ᠯᠡ ᠥᠷᠨᠢᠭᠦᠯᠵᠦ᠂ ᠲᠥᠷᠥᠯ ᠵᠦᠢᠯ ᠤᠨ ᠡᠵᠡᠩᠨᠡᠯᠲᠡ ᠶᠢᠨ ᠣᠷᠣᠯᠭ᠎ᠠ ᠨᠢ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠠ ᠡᠵᠡᠩᠨᠡᠯᠲᠡ ᠶᠢᠨ ᠥᠪᠡᠷ ᠤᠨ ᠥᠷᠲᠡᠭ ᠢ ᠬᠠᠮᠤᠷᠴᠤ ᠳᠡᠶᠢᠯᠦᠭᠰᠡᠨ ᠪᠠᠶᠢᠬᠤ ᠬᠡᠷᠡᠭᠲᠡᠢ᠃ ᠬᠤᠳᠠᠯᠳᠤᠭᠠᠨ ᠤ ᠣᠨᠴᠠ ᠵᠥᠪᠰᠢᠶᠡᠷᠡᠯ ᠲᠠᠢ ᠡᠵᠡᠩᠨᠡᠯᠲᠡ ᠵᠢᠴᠢ ᠥᠮᠴᠢᠯᠡᠯ ᠤᠨ ᠡᠷᠬᠡ ᠶᠢ ᠰᠢᠯᠵᠢᠭᠦᠯᠦᠨ ᠲᠤᠰᠢᠶᠠᠬᠤ ᠭᠤᠭᠴᠣᠭᠠᠨ ᠳᠤ ᠦᠯᠦ ᠬᠤᠯᠪᠣᠭᠳᠠᠬᠤ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠯᠪᠠᠨ ᠠᠴᠠ ᠡᠷᠭᠢᠯᠡᠵᠦ ᠠᠷᠠᠳ ᠠᠴᠠ ᠡᠵᠡᠩᠨᠡᠬᠦ ᠨᠢ ᠰᠢᠨ᠎ᠡ ᠲᠣᠭᠲᠠᠴᠠ ᠪᠠᠷ ᠵᠢᠷᠤᠮᠵᠢᠭᠤᠯᠬᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠳᠤ ᠬᠠᠷᠢᠶᠠᠯᠠᠭᠳᠠᠬᠤ ᠦᠭᠡᠢ᠃ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ ᠪᠠᠷ ᠶᠡᠭᠡ ᠬᠤᠳᠠᠯᠳᠤᠭᠠᠨ ᠤ ᠲᠥᠷᠥᠯ ᠵᠦᠢᠯ ᠪᠠ ᠠᠵᠤ ᠦᠢᠯᠡᠰ ᠤᠨ ᠲᠥᠷᠥᠯ ᠵᠦᠢᠯ᠂ ᠠᠰᠢᠭ ᠣᠷᠣᠯᠭ᠎ᠠ ᠦᠭᠡᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠥᠯ ᠵᠦᠢᠯ ᠳᠤ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠠᠭᠪᠤᠷ ᠢ ᠬᠡᠷᠡᠭᠯᠡᠵᠦ ᠪᠣᠯᠬᠤ ᠦᠭᠡᠢ᠂ ᠳᠡᠭᠡᠷᠡᠬᠢ ᠲᠥᠷᠥᠯ ᠬᠡᠯᠪᠡᠷᠢ ᠶᠢᠨ ᠲᠥᠷᠥᠯ ᠵᠦᠢᠯ ᠢ ᠬᠠᠷᠢᠯᠴᠠᠨ ︽ᠪᠣᠭᠤᠵᠢᠯᠠᠬᠤ︾ ᠪᠤᠶᠤ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠠᠭᠪᠤᠷ ᠢ ᠬᠡᠷᠡᠭᠯᠡᠬᠦ ᠳᠤ ᠲᠣᠬᠢᠷᠠᠬᠤ ᠲᠥᠷᠥᠯ ᠵᠦᠢᠯ ᠯᠦᠭᠡ ︽ᠪᠣᠭᠤᠵᠢᠯᠠᠵᠤ︾ ᠪᠠᠶᠢᠭᠠᠳ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠥᠷᠨᠢᠭᠦᠯᠵᠦ ᠪᠣᠯᠬᠤ ᠦᠭᠡᠢ᠃      ︵ᠭᠤᠷᠪᠠ︶ ᠣᠷᠤᠯᠴᠠᠬᠤ ᠠᠵᠤ ᠠᠬᠤᠶᠢᠯᠠᠯ ᠢ ᠣᠨᠣᠪᠴᠢᠲᠠᠶ ᠡᠵᠡᠮᠳᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠳᠤ ᠠᠩᠬᠠᠨ ᠤ ᠵᠣᠷᠢᠯᠲᠠ ᠪᠠᠨ ᠪᠠᠷᠢᠮᠲᠠᠯᠠᠨ᠂ ᠤᠭ ᠰᠠᠨᠠᠭᠠᠨ  ᠳᠤ ᠪᠠᠨ ᠪᠤᠴᠠᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠣᠷᠣᠯᠴᠠᠭᠰᠠᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠰᠢᠨ᠎ᠡ ᠪᠠᠷ ᠪᠠᠶᠢᠭᠤᠯᠬᠤ ︵ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠪᠠᠭᠲᠠᠭᠠᠨ᠎ᠠ︶ ᠲᠦᠷᠦᠯ ᠵᠦᠢᠯ ᠤᠨ ᠲᠣᠳᠣᠷᠬᠠᠢ ᠬᠠᠭᠤᠳᠠᠰᠤ ︵2023 ᠣᠨ ᠤ ᠬᠡᠪᠯᠡᠯ︶︾ ᠶᠢ ᠴᠢᠩᠭ᠎ᠠ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠦᠯ ᠵᠦᠢᠯ ᠳᠤ ᠣᠷᠣᠯᠴᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠵᠣᠷᠢᠭᠵᠢᠭᠤᠯᠬᠤ ᠬᠡᠷᠡᠭᠲᠡᠢ᠃ ᠵᠠᠷᠴᠢᠮ ᠳᠡᠭᠡᠷ᠎ᠡ ᠪᠠᠨ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠣᠩᠭᠤᠵᠤ ᠲᠦᠷᠦᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠶᠢᠨ ᠬᠤᠪᠢ ᠪᠠᠷ ᠲᠤᠰ ᠱᠠᠲᠤᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠣᠯ ᠵᠦᠢᠯ ᠳᠤ ᠣᠷᠤᠯᠴᠠᠭᠤᠯᠬᠤ ᠳᠤ ᠵᠣᠬᠢᠬᠤ ᠦᠭᠡᠢ᠃ ᠲᠤᠰ ᠱᠠᠲᠤᠨ ᠤ ᠵᠠᠰᠠᠭ ᠤᠨ ᠣᠷᠳᠣᠨ ᠨᠢ ᠬᠥᠷᠥᠩᠭᠡ ᠮᠥᠩᠭᠦ ᠣᠷᠣᠭᠤᠯᠬᠤ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠣᠯ ᠵᠦᠢᠯ ᠳᠤ ᠳᠡᠮᠵᠢᠯᠭᠡ ᠦᠵᠡᠭᠦᠯᠵᠦ᠂ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠪᠡᠯᠡ ᠭᠠᠷᠭᠠᠭᠴᠢ ᠶᠢᠨ ᠲᠥᠯᠥᠭᠡᠯᠡᠭᠴᠢ ᠶᠢᠨ ᠬᠤᠪᠢ ᠪᠠᠷ ᠲᠤᠰ ᠲᠦᠷᠣᠯ ᠵᠦᠢᠯ ᠳᠤ ᠣᠷᠣᠯᠴᠠᠵᠤ ᠪᠣᠯᠣᠨ᠎ᠠ᠂ ᠭᠡᠪᠡᠴᠦ ᠬᠤᠪᠢᠴᠠᠭ᠎ᠠ ᠡᠵᠡᠮᠳᠡᠵᠦ ᠪᠣᠯᠬᠤ ᠦᠭᠡᠢ᠂ ᠡᠭᠦᠨ ᠠᠴᠠ ᠭᠠᠳᠠᠨ᠎ᠠ᠂ ᠲᠤᠰ ᠱᠠᠲᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠨᠢ ᠶᠠᠮᠠᠷᠪᠠ ᠠᠷᠭ᠎ᠠ ᠮᠠᠶ᠋ᠢᠭ ᠢᠶᠠᠷ ᠭᠡᠳ ᠲᠤᠰ ᠱᠠᠲᠤᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠣᠯ ᠵᠦᠢᠯ ᠤᠨ ᠬᠤᠯᠪᠤᠭᠠᠯᠠᠨ ᠳᠠᠭᠠᠭᠠᠴᠢᠯᠠᠯᠲᠠ ᠬᠦᠯᠢᠶᠡᠬᠦ ᠲᠠᠯ᠎ᠠ ᠪᠤᠶᠤ ᠲᠦᠷᠣᠯ ᠵᠦᠢᠯ ᠤᠨ ᠺᠣᠮᠫᠠᠨᠢ ᠶᠢᠨ ᠬᠤᠪᠢᠴᠠᠭᠠᠲᠠᠨ ᠪᠣᠯᠵᠤ ᠪᠣᠯᠬᠤ ᠦᠭᠡᠢ᠃      ︵ᠳᠥᠷᠪᠡ︶ ᠠᠵᠢᠯ ᠤᠨ ᠠᠶᠢᠵᠠᠮ ᠴᠣᠬᠢᠯᠭ᠎ᠠ ᠶᠢ ᠣᠨᠣᠪᠴᠢᠲᠠᠶ ᠡᠵᠡᠮᠳᠡᠨ᠎ᠡ᠃ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠠᠵᠢᠯ ᠤᠨ ᠡᠷᠴᠢᠮ᠂ ᠠᠶᠢᠵᠠᠮ ᠢᠶᠠᠨ ᠰᠠᠶᠢᠲᠤᠷ ᠡᠵᠡᠮᠳᠡᠵᠦ᠂ ᠲᠥᠷᠥᠯ ᠵᠦᠢᠯ ᠨᠢᠭᠡᠪᠦᠷᠢ ᠶᠢ ᠴᠥᠮ ᠰᠢᠨ᠎ᠡ ᠲᠣᠭᠲᠠᠴᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠤᠨ ᠠᠬᠢᠭᠤᠯᠵᠤ᠂ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠨ᠂ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃      ᠬᠤᠶᠠᠷ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠎ᠠ      ︵ᠲᠠᠪᠤ︶ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠶᠢ ᠲᠣᠭᠲᠠᠭᠠᠨ᠎ᠠ᠃ ᠠᠵᠢᠯ ᠲᠥᠷᠥᠯ ᠤᠨ ᠲᠦᠷᠦᠯ ᠠᠩᠭᠢᠯᠠᠯ ᠪᠠ ᠡᠭᠦᠷᠭᠡ ᠴᠢᠳᠠᠪᠤᠷᠢ ᠠᠵᠢᠯ ᠤᠨ ᠬᠤᠪᠢᠶᠠᠷᠢᠯᠠᠯ ᠶᠣᠰᠣᠭᠠᠷ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠬᠠᠤᠯᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠠᠵᠢᠯ ᠲᠥᠷᠥᠯ ︵ᠲᠤᠬᠠᠶᠢᠯᠠᠭᠰᠠᠨ ᠠᠵᠢᠯ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠦᠢᠯᠡᠰ ᠤᠨ ᠨᠢᠭᠡᠴᠢ ᠳᠤ ᠡᠷᠬᠡ ᠣᠯᠭᠤᠵᠤ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠪᠣᠯᠭᠠᠵᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ᠂ ᠣᠨᠴᠠ ᠵᠥᠪᠰᠢᠶᠡᠷᠡᠯ ᠲᠠᠢ ᠡᠵᠡᠩᠨᠡᠭᠴᠢ ᠶᠢ ᠰᠣᠩᠭᠤᠬᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠥᠪᠯᠡᠯᠴᠡᠭᠡᠷ ᠲᠣᠭᠲᠠᠬᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠢᠨᠠᠨ ᠬᠠᠮᠢᠶᠠᠷᠬᠤ᠂ ᠬᠠᠮᠲᠤᠷᠠᠯᠴᠠᠬᠤ ᠬᠤᠭᠤᠴᠠᠭ᠎ᠠ ᠳᠦᠭᠦᠷᠪᠡᠯ ᠰᠢᠯᠵᠢᠭᠦᠯᠦᠨ ᠲᠤᠰᠢᠶᠠᠵᠤ ᠭᠥᠯᠢᠶᠡᠨ ᠠᠪᠬᠤ ᠵᠡᠷᠭᠡ ᠠᠵᠢᠯ ᠢ ᠬᠠᠷᠢᠭᠤᠴᠠᠭᠤᠯᠵᠤ ᠪᠣᠯᠣᠨ᠎ᠠ᠃      ︵ᠵᠢᠷᠭᠤᠭ᠎ᠠ︶ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠲᠣᠭᠲᠠᠭᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠨᠢ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠵᠦ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠵᠢᠯ ᠲᠥᠷᠥᠯ ︵ᠲᠤᠬᠠᠶᠢᠯᠠᠭᠰᠠᠨ ᠠᠵᠢᠯ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠭᠤᠯᠤᠨ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠳᠤ ᠠᠩᠬᠠᠨ ᠤ ᠬᠢᠨᠠᠯᠲᠠ ᠬᠢᠯᠭᠡᠬᠦ ᠠᠵᠢᠯ ᠢ ᠳᠠᠭᠠᠭᠠᠯᠭᠠᠨ ᠬᠠᠷᠢᠭᠤᠴᠠᠭᠤᠯᠵᠤ ᠪᠣᠯᠣᠨ᠎ᠠ᠂ ᠭᠤᠣᠯᠳᠠᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠪᠣᠯᠣᠮᠵᠢᠲᠤ ᠴᠢᠨᠠᠷ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠠᠭᠪᠤᠷ ᠤᠨ ᠴᠢᠬᠤᠯᠠ ᠪᠦᠬᠦᠢ ᠪᠠ ᠪᠣᠯᠣᠮᠵᠢᠲᠤ ᠴᠢᠨᠠᠷ ᠤᠨ ᠨᠤᠲᠠᠯᠠᠯᠲᠠ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠭᠤᠣᠯ ᠠᠭᠤᠯᠭ᠎ᠠ ᠵᠡᠷᠭᠡ ᠶᠢ ᠰᠤᠳᠤᠯᠤᠨ ᠨᠤᠲᠠᠯᠠᠨ᠎ᠠ᠃ ᠠᠩᠬ᠎ᠠ ᠬᠢᠨᠠᠭᠰᠠᠨ ᠤ ᠳᠠᠷᠠᠭ᠎ᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠰᠤᠳᠤᠯᠤᠭᠤᠯᠤᠨ ᠬᠢᠨᠠᠨ ᠲᠣᠭᠲᠠᠭᠠᠯᠭᠠᠬᠤ ᠬᠡᠷᠡᠭᠲᠡᠢ᠃      ︵ᠲᠤᠯᠤᠭ᠎ᠠ︶ ᠣᠨᠴᠠ ᠵᠥᠪᠰᠢᠶᠡᠷᠡᠯ ᠲᠠᠢ ᠡᠵᠡᠩᠨᠡᠭᠴᠢ ᠶᠢ ᠲᠣᠭᠲᠠᠭᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠦᠨᠳᠦᠰᠦᠯᠡᠨ᠂ ᠣᠨᠴᠠ ᠵᠥᠪᠰᠢᠶᠡᠷᠡᠯ ᠲᠠᠢ ᠡᠵᠡᠩᠨᠡᠭᠴᠢ ᠶᠢ ᠬᠠᠤᠯᠢ ᠲᠣᠭᠲᠠᠭᠠᠯ ᠶᠣᠰᠣᠭᠠᠷ ᠭᠤᠣᠯᠴᠢ ᠪᠠᠷ ᠰᠣᠩᠭᠤᠵᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠥᠪᠯᠡᠯᠴᠡᠭᠡᠷ ᠢ ᠵᠢᠷᠣᠮᠵᠢᠭᠤᠨ ᠲᠣᠭᠲᠠᠭᠠᠬᠤ ᠬᠡᠷᠡᠭᠲᠡᠢ᠃ ᠰᠣᠩᠭᠤᠨ ᠲᠣᠭᠲᠠᠭᠠᠭᠰᠠᠨ ᠣᠨᠴᠠ ᠵᠥᠪᠰᠢᠶᠡᠷᠡᠯ ᠲᠠᠢ ᠡᠵᠡᠩᠨᠡᠭᠴᠢ ᠵᠢᠴᠢ ᠲᠡᠭᠦᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠪᠦᠲᠦᠭᠡᠨ ᠪᠠᠶᠢᠭᠤᠯᠬᠤ ᠬᠠᠷᠢᠭᠤᠴᠠᠯᠭ᠎ᠠ ᠶᠢ ᠵᠠᠷᠴᠢᠮ ᠳᠡᠭᠡᠷ᠎ᠡ ᠪᠠᠨ ᠲᠣᠬᠢᠷᠠᠭᠤᠯᠵᠤ ᠪᠣᠯᠬᠤ ᠦᠭᠡᠢ᠂ ᠦᠨᠡᠨ ᠬᠦ ᠲᠣᠬᠢᠷᠠᠭᠤᠯᠬᠤ ᠴᠢᠬᠤᠯᠠᠲᠠᠢ ᠪᠣᠯ ᠣᠨᠴᠠ ᠵᠥᠪᠰᠢᠶᠡᠷᠡᠯ ᠲᠠᠢ ᠡᠵᠡᠩᠨᠡᠭᠴᠢ ᠶᠢ ᠰᠣᠩᠭᠤᠬᠤ ᠲᠠᠰ ᠳᠠᠷᠠᠭᠠᠯᠠᠯ ᠢ ᠳᠠᠭᠢᠵᠤ ᠭᠦᠢᠴᠡᠳᠬᠡᠬᠦ ᠬᠡᠷᠡᠭᠲᠡᠢ᠃      ︵ᠨᠠᠢᠮᠠ︶ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠴᠢᠩᠭ᠎ᠠ ᠭᠦᠢᠴᠡᠳᠬᠡᠨ᠎ᠡ᠃ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠬᠢᠨᠠᠨ ᠬᠠᠷᠭᠤᠭᠤᠯᠬᠤ᠂ ᠣᠨᠴᠠ ᠵᠥᠪᠰᠢᠶᠡᠷᠡᠯ ᠲᠠᠢ ᠡᠵᠡᠩᠨᠡᠭᠴᠢ ᠶᠢ ᠰᠣᠩᠭᠤᠨ ᠲᠣᠭᠲᠠᠭᠠᠬᠤ ᠶᠢ ᠪᠡᠶᠡᠯᠡᠭᠦᠯᠦᠭᠰᠡᠨ ᠤ ᠳᠠᠷᠠᠭ᠎ᠠ᠂ ᠲᠥᠷᠥᠯ ᠵᠦᠢᠯ ᠤᠨ ᠨᠢᠭᠡᠴᠢ ᠨᠢ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠵᠡᠷᠭᠡ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ ᠢ ᠴᠢᠩᠭ᠎ᠠ ᠭᠦᠢᠴᠡᠳᠬᠡᠬᠦ ᠬᠡᠷᠡᠭᠲᠡᠢ᠃ ᠵᠠᠰᠠᠭ ᠤᠨ ᠣᠷᠳᠣᠨ ᠤ ᠬᠥᠷᠥᠩᠭᠡ ᠮᠥᠩᠭᠦ ᠣᠷᠣᠭᠤᠯᠬᠤ ᠠᠷᠭ᠎ᠠ ᠮᠠᠶ᠋ᠢᠭ ᠢᠶᠠᠷ ᠪᠡᠯᠡ ᠣᠷᠣᠭᠤᠯᠤᠯᠲᠠ ᠶᠢᠨ ᠳᠡᠮᠵᠢᠯᠭᠡ ᠦᠵᠡᠭᠦᠯᠦᠭᠰᠡᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠷᠥᠯ ᠵᠦᠢᠯ ᠳᠤ᠂ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠲᠠᠰ ᠳᠠᠷᠠᠭᠠᠯᠠᠯ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠨᠡᠶᠢᠭᠡᠮ ᠤᠨ ᠬᠥᠷᠥᠩᠭᠡ ᠶᠢᠨ ᠲᠠᠯ᠎ᠠ ᠠᠴᠠ ᠲᠤᠰᠠᠭᠠᠷ ᠪᠡᠯᠡ ᠣᠷᠣᠭᠤᠯᠤᠭᠰᠠᠨ ᠲᠥᠷᠥᠯ ᠵᠦᠢᠯ ᠳᠤ ︽ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠠᠷᠭᠤᠭᠤᠯᠤᠨ ᠵᠥᠪᠰᠢᠶᠡᠷᠡᠬᠦ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠬᠤ ᠭᠠᠷᠳᠠᠮ ᠢ ᠭᠦᠢᠴᠡᠳᠬᠡᠬᠦ ᠬᠡᠷᠡᠭᠲᠡᠢ᠃      ︵ᠶᠢᠰᠦ︶ ᠲᠥᠷᠥᠯ ᠵᠦᠢᠯ ᠤᠨ ᠲᠣᠬᠢᠷᠠᠭᠤᠯᠤᠯᠲᠠ ᠶᠢᠨ ᠲᠠᠰ ᠳᠠᠷᠠᠭᠠᠯᠠᠯ ᠢ ᠵᠢᠷᠤᠮᠵᠢᠭᠤᠯᠤᠨ ᠭᠦᠢᠴᠡᠳᠬᠡᠨ᠎ᠡ᠃ ᠬᠢᠨᠠᠨ ᠵᠥᠪᠰᠢᠶᠡᠷᠡᠬᠦ᠂ ᠬᠠᠷᠭᠤᠭᠤᠯᠤᠨ ᠵᠥᠪᠰᠢᠶᠡᠷᠡᠬᠦ ᠪᠤᠶᠤ ᠪᠦᠷᠢᠳᠬᠡᠨ ᠳᠠᠩᠰᠠᠯᠠᠭᠤᠯᠬᠤ ᠭᠠᠷᠳᠠᠮ ᠢ ᠨᠢᠭᠡᠨᠲᠡ ᠪᠡᠶᠡᠯᠡᠭᠦᠯᠦᠭᠰᠡᠨ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠷᠥᠯ ᠵᠦᠢᠯ ᠳᠤ᠂ ᠬᠡᠷᠪᠡ ᠪᠦᠲᠦᠭᠡᠨ ᠪᠠᠶᠢᠭᠤᠯᠬᠤ ᠭᠠᠵᠠᠷ ᠢᠶᠠᠨ ᠬᠤᠪᠢᠷᠠᠭᠠᠬᠤ᠂ ᠭᠤᠣᠯ ᠪᠣᠯᠬᠤ ᠪᠦᠲᠦᠭᠡᠨ ᠪᠠᠶᠢᠭᠤᠯᠬᠤ ᠠᠭᠤᠯᠭ᠎ᠠ ᠳᠤ ᠲᠣᠬᠢᠷᠠᠭᠤᠯᠤᠯᠲᠠ ᠬᠢᠬᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠵᠡᠷᠭᠡ ᠴᠢᠬᠤᠯᠠ ᠶᠡᠭᠡ ᠪᠠᠶᠢᠳᠠᠯ ᠭᠠᠷᠪᠠᠯ᠂ ᠲᠥᠷᠥᠯ ᠵᠦᠢᠯ ᠤᠨ ᠨᠢᠭᠡᠴᠢ ᠨᠢ ᠤᠤᠯ ᠤᠨ ᠬᠢᠨᠠᠨ ᠵᠥᠪᠰᠢᠶᠡᠷᠡᠭᠰᠡᠨ᠂ ᠬᠠᠷᠭᠤᠭᠤᠯᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠲᠥᠷᠥᠯ ᠵᠦᠢᠯ ᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠳᠠᠭᠢᠵᠤ ᠭᠦᠢᠴᠡᠳᠬᠡᠯᠭᠡᠵᠦ᠂ ᠴᠢᠬᠤᠯᠠ ᠲᠠᠢ ᠦᠶ᠎ᠡ ᠳᠤ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠨᠢ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠠᠭᠪᠤᠷ ᠤᠨ ᠪᠣᠯᠣᠮᠵᠢᠲᠤ ᠴᠢᠨᠠᠷ ᠤᠨ ᠨᠤᠲᠠᠯᠠᠯᠲᠠ ᠬᠢᠬᠦ ᠪᠠ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠬᠦ ᠪᠠᠷ ᠳᠠᠭᠢᠵᠤ ᠭᠤᠶᠤᠴᠢᠯᠠᠬᠤ ᠬᠡᠷᠡᠭᠲᠡᠢ᠃ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠢ ᠲᠣᠭᠲᠠᠭᠠᠭᠰᠠᠨ ᠤ ᠳᠠᠷᠠᠭ᠎ᠠ᠂ ᠬᠡᠷᠪᠡ ᠡᠮᠦᠨᠡᠬᠢ ᠬᠤᠭᠤᠴᠠᠭᠠᠨ ᠤ ᠬᠢᠨᠠᠨ ᠵᠥᠪᠰᠢᠶᠡᠷᠡᠬᠦ᠂ ᠭᠠᠵᠠᠷ ᠬᠡᠷᠡᠭᠯᠡᠬᠦ᠂ ᠲᠥᠯᠥᠪᠵᠢᠭᠦᠯᠬᠦ ᠵᠡᠷᠭᠡ ᠭᠠᠷᠳᠠᠮ ᠢ ᠭᠦᠢᠴᠡᠳᠬᠡᠬᠦ ᠦᠶ᠎ᠡ ᠶᠢᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠯᠦᠭᠡ ᠨᠢᠭᠡᠳᠦᠯ ᠦᠭᠡᠢ ᠪᠠᠶᠢᠪᠠᠯ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠢ ᠬᠤᠪᠢᠷᠠᠭᠠᠬᠤ ᠭᠠᠷᠳᠠᠮ ᠢᠶᠠᠨ ᠬᠠᠤᠯᠢ ᠶᠣᠰᠣᠭᠠᠷ ᠭᠦᠢᠴᠡᠳᠬᠡᠵᠦ᠂ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠠᠴᠠ ᠴᠢᠬᠤᠯᠠ ᠪᠦᠬᠦᠢ ᠳᠡᠮᠵᠢᠯᠭᠡ ᠪᠠ ᠲᠥᠬᠦᠮ ᠦᠵᠡᠭᠦᠯᠬᠦ ᠬᠡᠷᠡᠭᠲᠡᠢ᠃      ︵ᠠᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠳᠠᠬᠢ ᠬᠠᠮᠢᠶᠠᠷᠤᠯᠲᠠ ᠶᠢ ᠴᠢᠩᠳᠠᠯᠠᠨ᠎ᠠ᠃ ᠣᠨᠴᠠ ᠵᠥᠪᠰᠢᠶᠡᠷᠡᠯ ᠲᠠᠢ ᠡᠵᠡᠩᠨᠡᠭᠴᠢ ᠨᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠦᠨᠵᠡᠭᠡᠢ ᠪᠥᠭᠡᠳ ᠪᠣᠳᠠᠲᠠᠢ ᠬᠢᠵᠦ᠂ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠢᠯᠢᠳᠡᠭᠵᠢᠭᠦᠯᠵᠦ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠤᠨ᠂ ᠪᠠᠷᠢᠯᠭ᠎ᠠ ᠶᠢᠨ ᠦᠨ᠎ᠡ ᠶᠢ ᠪᠦᠲᠦᠮᠵᠢᠲᠡᠶ ᠡᠵᠡᠮᠳᠡᠵᠦ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠡᠵᠡᠩᠨᠡᠯᠲᠡ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠭᠠᠵᠠᠷ ᠰᠢᠨᠵᠢᠯᠡᠭᠡᠨ ᠤ ᠨᠥᠬᠦᠴᠡᠯ ᠪᠤᠳᠤᠯᠢᠶᠠᠨᠲᠠᠢ᠂ ᠪᠠᠷᠢᠯᠭ᠎ᠠ ᠪᠠᠷᠢᠬᠤ ᠲᠦᠭᠰᠢᠭᠦᠷᠢ ᠨᠡᠯᠢᠶᠡᠳ ᠶᠡᠭᠡ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠬᠦᠴᠢᠷᠲᠡᠢ ᠲᠥᠷᠥᠯ ᠵᠦᠢᠯ ᠳᠤ ᠬᠠᠶᠢᠨ ᠪᠠᠶᠢᠴᠠᠭᠠᠬᠤ ᠪᠠ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠪᠠᠨ ᠲᠡᠭᠦᠯᠳᠡᠷᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠲᠦᠭᠰᠢᠭᠦᠷᠢ ᠶᠢ ᠡᠵᠡᠮᠳᠡᠬᠦ ᠪᠠᠨ ᠴᠢᠩᠭᠠᠷᠠᠭᠤᠯᠵᠤ᠂ ᠬᠠᠭᠠᠰ ᠳᠤᠲᠠᠭᠤ ᠲᠥᠷᠥᠯ ᠵᠦᠢᠯ ᠪᠣᠯᠬᠤ ᠠᠴᠠ ᠰᠡᠷᠭᠡᠶᠢᠯᠡᠬᠦ ᠬᠡᠷᠡᠭᠲᠡᠢ᠃ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠪᠠ ᠲᠤᠰᠬᠠᠢ ᠵᠦᠢᠯ ᠢᠶᠠᠷ ᠰᠢᠯᠭᠠᠨ ᠬᠤᠷᠢᠶᠠᠵᠤ ᠠᠪᠬᠤ ᠠᠵᠢᠯ ᠢ ᠬᠠᠤᠯᠢ ᠲᠣᠭᠲᠠᠭᠠᠯ ᠶᠣᠰᠣᠭᠠᠷ ᠴᠠᠭ ᠲᠤᠬᠠᠢ  ᠳᠤ ᠨᠢ ᠵᠣᠬᠢᠶᠠᠨ ᠪᠠᠶᠢᠭᠤᠯᠬᠤ ᠬᠡᠷᠡᠭᠲᠡᠢ᠃ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ  ᠴᠢᠬᠤᠯᠠᠲᠠᠢ ᠲᠥᠷᠥᠯ ᠵᠦᠢᠯ ᠢ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ ᠠᠴᠠ ᠨᠢ ᠡᠮᠦᠨ᠎ᠡ ᠵᠣᠬᠢᠬᠤ ᠱᠠᠭᠠᠷᠳᠠᠯᠭ᠎ᠠ ᠳᠤ ᠨᠡᠶᠢᠴᠡᠭᠦᠯᠬᠦ ᠶᠢᠨ ᠬᠠᠮᠲᠤ ᠲᠤᠷᠰᠢᠨ ᠠᠵᠢᠯᠯᠠᠭᠤᠯᠬᠤ ᠪᠤᠶᠤ ᠲᠤᠷᠰᠢᠨ ᠡᠵᠡᠩᠨᠡᠬᠦ ᠵᠥᠪᠰᠢᠶᠡᠷᠡᠯ ᠢ ᠣᠯᠣᠭᠰᠠᠨ ᠪᠠᠶᠢᠬᠤ ᠬᠡᠷᠡᠭᠲᠡᠢ᠃      ︵ᠠᠷᠪᠠᠨ ᠨᠢᠭᠡ︶ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ ᠨᠢ ᠲᠥᠷᠥᠯ ᠵᠦᠢᠯ ᠤᠨ ᠡᠵᠡᠩᠨᠡᠯᠲᠡ ᠶᠢᠨ ᠦᠨᠡᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠵᠥᠪᠯᠡᠯᠴᠡᠭᠡᠷ ᠢ ᠬᠤᠪᠢᠷᠠᠭᠠᠬᠤ ᠪᠠ ᠲᠥᠷᠥᠯ ᠵᠦᠢᠯ ᠢ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠵᠢᠷᠤᠮᠵᠢᠭᠤᠯᠤᠨ ᠥᠷᠨᠢᠭᠦᠯᠵᠦ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ ᠪᠠ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠣᠷᠣᠰᠢᠵᠤ ᠪᠠᠶᠢᠪᠠᠯ᠂ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠰᠢᠢᠳᠬᠡᠨ ᠲᠣᠷᠭᠠᠬᠤ ᠬᠡᠷᠡᠭᠲᠡᠢ᠃ ᠪᠤᠢ ᠪᠦᠬᠦᠢ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠣᠯ ᠵᠦᠢᠯ ᠢ ᠪᠦᠬᠦ ᠤᠯᠤᠰ ᠤᠨ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠦᠷᠣᠯ ᠵᠦᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠬᠤ ᠶᠢᠨ ᠬᠠᠮᠲᠤ᠂ ᠲᠦᠷᠣᠯ ᠵᠦᠢᠯ ᠤᠨ ᠠᠬᠢᠴᠠ ᠶᠢᠨ ᠪᠠᠶᠢᠳᠠᠯ ᠢ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤ ᠨᠢ ᠲᠠᠭᠯᠠᠨ ᠮᠡᠳᠡᠭᠦᠯᠬᠦ ᠬᠡᠷᠡᠭᠲᠡᠢ᠃ ᠲᠦᠷᠣᠯ ᠵᠦᠢᠯ ᠢ ᠲᠠᠭᠯᠠᠨ ᠮᠡᠳᠡᠭᠦᠯᠬᠦ ᠨᠢᠭᠡᠴᠢ ᠨᠢ ᠡᠯ᠎ᠡ ᠱᠠᠲᠤᠨ ᠤ ᠰᠦᠯᠵᠢᠶᠡᠨ ᠳᠠᠬᠢ ᠬᠢᠨᠠᠨ ᠵᠥᠪᠰᠢᠶᠡᠷᠡᠬᠦ ᠲᠠᠪᠴᠠᠩ ᠳᠤ ᠲᠦᠰᠢᠭᠯᠡᠨ ᠲᠥᠷᠥᠯ ᠵᠦᠢᠯ ᠤᠨ ᠣᠷᠣᠯᠠᠬᠤ ᠨᠣᠮᠧᠷ ᠢ ᠠᠪᠴᠤ᠂ ᠲᠥᠷᠥᠯ ᠵᠦᠢᠯ ᠤᠨ ᠮᠡᠳᠡᠭᠡ ᠵᠠᠩᠭᠢ ᠶᠢ ᠪᠥᠬᠦ ᠲᠠᠯ᠎ᠠ ᠪᠠᠷ᠂ ᠣᠨᠣᠪᠴᠢᠲᠠᠶ᠂ ᠴᠠᠭ ᠲᠤᠬᠠᠢ ᠳᠤ  ᠨᠢ ᠲᠠᠭᠯᠠᠨ ᠮᠡᠳᠡᠭᠦᠯᠬᠦ ᠬᠡᠷᠡᠭᠲᠡᠢ᠃ ᠬᠡᠷᠡᠭᠵᠢᠭᠦᠯᠬᠦ ᠪᠠᠶᠢᠭᠤᠯᠤᠮᠵᠢ ᠨᠢ ᠣᠨᠴᠠ ᠵᠥᠪᠰᠢᠶᠡᠷᠡᠯ ᠲᠠᠢ ᠡᠵᠡᠩᠨᠡᠭᠴᠢ ︵ᠲᠥᠷᠥᠯ ᠵᠦᠢᠯ ᠤᠨ ᠺᠣᠮᠫᠠᠨᠢ︶ ᠶᠢᠨ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢ ᠳᠠᠬᠢᠨ ᠬᠢᠨᠠᠬᠤ ᠬᠡᠷᠡᠭᠲᠡᠢ᠃      ᠭᠤᠷᠪᠠ᠂ ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠳᠤ ᠱᠠᠲᠤ ᠳᠡᠪᠰᠢᠭᠦᠯᠵᠦ ᠳᠠᠬᠢᠨ ᠬᠢᠨᠠᠭᠤᠯᠬᠤ ᠶᠢ ᠬᠡᠷᠡᠭᠵᠢᠭᠦᠯᠦᠨ᠎ᠡ      ︵ᠠᠷᠪᠠᠨ ᠬᠤᠶᠠᠷ︶ ᠱᠠᠲᠤ ᠳᠡᠪᠰᠢᠭᠦᠯᠵᠦ ᠳᠠᠬᠢᠨ ᠬᠢᠨᠠᠭᠤᠯᠬᠤ ᠶᠢ ᠬᠡᠷᠡᠭᠵᠢᠭᠦᠯᠦᠨ᠎ᠡ᠃ ᠪᠥᠬᠦ ᠣᠷᠣᠨ ᠤ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠴᠥᠮ ᠰᠢᠨ᠎ᠡ ᠲᠣᠭᠲᠠᠴᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠵᠢᠷᠤᠮᠵᠢᠭᠤᠯᠤᠨ ᠬᠥᠭᠵᠢᠭᠦᠯᠵᠦ᠂ ᠢᠯᠡ ᠪᠠᠷ ᠠᠵᠢᠯᠯᠠᠭᠤᠯᠬᠤ ᠶᠢ ᠠᠬᠢᠭᠤᠯᠬᠤ ᠶᠢᠨ ᠲᠤᠰᠠᠳᠠ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠷᠡᠭᠵᠢᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠨᠠᠨ ᠲᠣᠭᠲᠠᠭᠠᠬᠤ ᠶᠠᠪᠤᠴᠠ ᠳᠤ᠂ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢᠶᠠᠨ ᠵᠡᠷᠭᠡ ᠳᠤ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠵᠦ ᠳᠠᠬᠢᠨ ᠬᠢᠨᠠᠭᠤᠯᠬᠤ ᠠᠵᠢᠯ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠤᠯᠪᠣᠭᠳᠠᠯ ᠪᠦᠬᠦᠢ ᠠᠵᠢᠯ ᠲᠥᠷᠥᠯ ︵ᠲᠤᠬᠠᠶᠢᠯᠠᠭᠰᠠᠨ ᠠᠵᠢᠯ︶ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠯᠴᠠᠨ᠂ ︽ᠢᠷᠡᠮᠡᠭᠴᠡ ᠳᠠᠷᠤᠶᠢᠬᠠᠨ ᠭᠦᠢᠴᠡᠳᠬᠡᠬᠦ︾ ᠵᠠᠷᠴᠢᠮ ᠢᠶᠠᠷ ᠣᠨᠴᠠ ᠵᠥᠪᠰᠢᠶᠡᠷᠡᠯ ᠲᠠᠢ ᠡᠵᠡᠩᠨᠡᠯᠲᠡ ᠶᠢᠨ ᠲᠥᠰᠥᠯ ᠢ ᠳᠠᠬᠢᠨ ᠬᠢᠨᠠᠬᠤ ᠠᠵᠢᠯ ᠢ ᠬᠠᠷᠢᠭᠤᠴᠠᠵᠤ᠂ ᠨᠥᠬᠦᠴᠡᠯ ᠳᠤ ᠨᠡᠶᠢᠴᠡᠭᠰᠡᠨ ᠤ ᠳᠠᠷᠠᠭ᠎ᠠ ᠲᠥᠷᠥᠯ ᠵᠦᠢᠯ ᠢ ᠬᠡᠷᠡᠭᠵᠢᠭᠦᠯᠬᠦ ᠪᠠᠶᠢᠭᠤᠯᠤᠮᠵᠢ  ᠨᠢ ᠲᠠᠷᠠᠭᠠᠴᠢ ᠶᠢᠨ ᠠᠵᠢᠯ ᠢᠶᠠᠨ ᠠᠬᠢᠭᠤᠯᠵᠤ ᠪᠣᠯᠣᠨ᠎ᠠ᠃ ᠳᠠᠬᠢᠨ ᠬᠢᠨᠠᠬᠤ ᠶᠠᠪᠤᠴᠠ ᠳᠤ᠂ ᠴᠢᠬᠤᠯᠠ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ︔ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠠ ᠲᠥᠷᠥᠯ ᠵᠦᠢᠯ ᠢ ᠬᠡᠷᠡᠭᠵᠢᠭᠦᠯᠬᠦ ᠳᠤ ᠲᠣᠳᠣᠷᠬᠠᠶᠢᠯᠠᠬᠤ ᠴᠢᠬᠤᠯᠠᠲᠠᠢ ᠵᠦᠢᠯᠡᠰ ᠲᠤᠯᠭᠠᠷᠠᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠴᠠᠭ ᠲᠤᠬᠠᠢ ᠳᠤ ᠨᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠠᠰᠠᠭᠤᠨ ᠯᠠᠪᠯᠠᠬᠤ ᠬᠡᠷᠡᠭᠲᠡᠢ᠃                                    2024 ᠣᠨ ᠤ 7 ᠳ᠋ᠤᠭᠠᠷ ᠰᠠᠷ᠎ᠠ ᠶᠢᠨ 5 ᠤ ᠡᠳᠦᠷ                                              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2024 ᠣᠨ ᠤ 7 ᠳ᠋ᠤᠭᠠᠷ ᠰᠠᠷ᠎ᠠ ᠶᠢᠨ 5 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号