ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ | ᠣᠶᠢᠯᠠᠭᠠᠭᠰᠠᠨ ᠢᠶᠠᠷ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠤ ᠦᠢᠯᠡᠳᠪᠦᠷᠢ ᠶᠢᠨ | ᠬᠦᠷᠢᠶ᠎ᠡ ᠴᠠᠷᠠᠭ᠎ᠠ ᠶᠢᠨ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠤᠨ | ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠥᠭᠡᠷᠡᠴᠢᠯᠡᠯᠲᠡ ᠪᠠ | ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠳᠡᠮᠵᠢᠬᠦ ᠪᠠᠨ ᠴᠢᠩᠭᠠᠷᠠᠭᠤᠯᠬᠤ ᠪᠠᠷ᠂ ᠥᠪᠡᠷᠲᠡᠭᠡᠨ ᠵᠠᠰᠠᠬᠤ | ᠣᠷᠣᠨ ᠤ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠢᠨᠠᠨ ᠬᠠᠷᠭᠤᠭᠤᠯᠵᠤ᠂ 158 ᠠᠵᠤ ᠦᠢᠯᠡᠳᠪᠦᠷᠢ ᠶᠢᠨ ᠬᠦᠷᠢᠶ᠎ᠡ | ᠴᠠᠷᠠᠭ᠎ᠠ ᠶᠢᠨ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢᠨ ᠲᠤᠰᠬᠠᠢ | ᠲᠦᠷᠦᠯ ᠳᠤ ᠳᠠᠭᠢᠨ ᠵᠢᠭᠡᠯᠡᠯᠭᠡ ᠣᠯᠬᠤ ᠪᠠᠷ ᠠᠵᠤ ᠦᠢᠯᠡᠳᠪᠦᠷᠢ ᠪᠠ ᠮᠡᠳᠡᠭᠡ ᠵᠠᠨᠬᠭᠢᠴᠢᠯᠠᠯᠳᠡ ᠶᠢᠨ ᠶᠠᠮᠤᠨ ᠳᠤ | ᠮᠡᠳᠡᠭᠦᠯᠵᠡᠢ᠂ ᠣᠶᠢᠷ᠎ᠠ ᠳᠤ ᠠᠵᠤ ᠦᠢᠯᠡᠳᠪᠦᠷᠢ ᠪᠠ ᠮᠡᠳᠡᠭᠡ ᠵᠠᠨᠬᠭᠢᠴᠢᠯᠠᠯᠳᠡ ᠶᠢᠨ ᠶᠠᠮᠤᠨ ᠬᠢᠨᠠᠨ ᠬᠠᠷᠭᠤᠭᠤᠯᠤᠭᠠᠳ | 134 ᠲᠥᠷᠥᠯ ᠵᠦᠢᠯ ᠢ ᠨᠢ ᠵᠥᠪᠰᠢᠶᠡᠷᠡᠵᠦ᠂ ᠣᠯᠣᠭᠰᠠᠨ ᠵᠢᠭᠡᠯᠡᠯᠭᠡ ᠶᠢᠨ ᠶᠡᠷᠦᠩᠬᠡᠢ ᠬᠡᠮᠵᠢᠶ᠎ᠡ170.9 ᠭᠠᠷᠤᠢ | ᠲᠦᠮᠡᠨ ᠲᠥᠭᠦᠷᠢᠭ ᠲᠤ ᠬᠦᠷᠴᠡᠢ᠃ | ᠡᠳᠡᠭᠡᠷ ᠲᠥᠷᠥᠯ ᠵᠦᠢᠯ ᠨᠢ ᠭᠤᠣᠯᠳᠠᠭᠤ ᠪᠣᠯᠣᠳ ᠲᠡᠮᠦᠷ᠂ ᠥᠩᠭᠡᠲᠦ ᠲᠡᠮᠦᠷᠯᠢᠭ᠂ ᠭᠡᠷᠡᠯᠴᠢ ᠴᠡᠨᠡᠭ᠂ ᠨᠡᠬᠡᠮᠡᠯ᠂ | ᠠᠮᠢᠳᠤ ᠪᠣᠳᠠᠰ ᠤᠨ ᠡᠮ ᠡᠮᠨᠡᠯᠭᠡ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ | ᠲᠥᠷᠥᠯ ᠤᠨ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠵᠢᠴᠢ ᠮᠡᠷᠭᠡᠵᠢᠯ ᠤᠨ ᠥᠭᠡᠷᠡᠴᠢᠯᠡᠯᠲᠡ ᠲᠠᠢ | ᠬᠤᠯᠪᠣᠭᠳᠠᠵᠤ᠂ ᠤᠯᠤᠰ ᠤᠨ ᠠᠵᠤ ᠦᠢᠯᠡᠳᠪᠦᠷᠢ ᠶᠢᠨ ᠬᠦᠷᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ | ᠪᠣᠯᠣᠨ ᠮᠡᠷᠭᠡᠵᠢᠯ ᠤᠨ ᠥᠭᠡᠷᠡᠴᠢᠯᠡᠯᠲᠡ ᠶᠢᠨ ᠲᠤᠰᠬᠠᠢ ᠲᠦᠷᠦᠯ ᠤᠨ ᠳᠠᠭᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ | ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ 134 ᠲᠥᠷᠥᠯ ᠵᠦᠢᠯ ᠢ ᠬᠥᠲᠥᠯᠥᠨ ᠵᠢᠯᠤᠭᠤᠳᠬᠤ ᠪᠠ ᠠᠬᠢᠭᠤᠯᠤᠨ᠎ᠠ᠂ | ᠬᠤᠯᠪᠣᠭᠳᠠᠬᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 300 ᠳ᠋ᠦᠩᠰᠢᠭᠤᠷ ᠲᠥᠭᠦᠷᠢᠭ ᠲᠤ ᠬᠦᠷᠴᠦ᠂ | ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠨᠢ 153.1 ᠳ᠋ᠦᠩᠰᠢᠭᠤᠷ | ᠲᠥᠭᠦᠷᠢᠭ ᠲᠤ ᠬᠦᠷᠴᠡᠢ᠃ | | |