ᠮᠠᠨ ᠤ ᠣᠷᠣᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ ᠪᠤᠶ
ᠨᠡᠶᠢᠲᠡᠯᠡᠭᠰᠡᠨ ᠴᠠᠭ᠄
2024/12/30
     ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ ᠶᠢ ᠱᠠᠲᠤ ᠬᠤᠪᠢᠶᠠᠨ ᠬᠠᠮᠢᠶᠠᠷᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠣᠭᠲᠠᠭᠠᠵᠤ᠂ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ ᠶᠢ ᠱᠠᠲᠤ ᠬᠤᠪᠢᠶᠠᠨ ᠬᠠᠮᠢᠶᠠᠷᠴᠤ᠂ ᠡᠮ ᠡᠮᠨᠡᠯᠭᠡ ᠶᠢᠨ ᠳᠠᠭᠠᠳᠬᠠᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠣᠯᠠᠨ ᠲᠦᠮᠡᠨ ᠳᠤ ᠨᠠᠩ ᠠᠮᠤᠷ ᠲᠦᠪᠰᠢᠨ᠂ ᠨᠠᠶᠢᠳᠠᠪᠤᠷᠢᠲᠠᠢ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮ ᠡᠮᠨᠡᠯᠭᠡ ᠶᠢᠨ ᠦᠢᠯᠡᠴᠢᠯᠡᠭᠡ  ᠬᠠᠩᠭᠠᠬᠤ  ᠪᠣᠯᠣᠨ᠎ᠠ᠃      ᠳᠤᠰ ︽ᠠᠷᠭ᠎ᠠ︾ ᠳᠤ᠂ ᠣᠲᠣ ᠶᠢᠨ ᠪᠠᠶᠢᠭ᠎ᠠ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠬᠢ ᠪᠠᠶᠠᠯᠢᠭ ᠵᠢᠴᠢ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠰᠠᠭᠤᠷᠢᠯᠠᠨ᠂ ᠣᠷᠣᠨ ᠪᠦᠰᠡ ᠶᠢᠨ ᠦᠢᠯᠡᠴᠢᠯᠡᠭᠡᠨ ᠤ ᠬᠡᠪᠴᠢᠶ᠎ᠡ᠂ ᠦᠢᠯᠡᠴᠢᠯᠡᠭᠡᠨ ᠤ ᠬᠥᠮᠥᠰ ᠤᠨ ᠲᠤᠭ᠎ᠠ᠂ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠵᠢᠴᠢ ᠭᠦᠢᠯᠭᠡᠭᠡᠨ ᠤ ᠬᠠᠨᠳᠤᠰᠢ ᠵᠡᠷᠭᠡ ᠲᠠᠢ ᠤᠶᠠᠯᠳᠤᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠦᠢ ᠵᠣᠬᠢᠰᠲᠠᠢ ᠲᠥᠯᠥᠪᠵᠢᠭᠦᠯᠦᠨ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢ ᠦᠢᠯᠡᠴᠢᠯᠡᠭᠡᠨ ᠤ ᠬᠤᠭᠤᠰᠤᠨ ᠪᠠ ᠬᠠᠷᠢᠴᠠᠩᠭᠤᠢ ᠬᠦᠷᠦᠯᠴᠡᠬᠦ ᠦᠭᠡᠢ ᠣᠷᠣᠨ ᠪᠦᠰᠡ ᠲᠡᠶᠢᠰᠢ ᠤᠷᠲᠤᠳᠬᠠᠬᠤ ᠶᠢ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ  ᠨᠢ ᠵᠦᠢ ᠵᠣᠬᠢᠰᠲᠠᠢ᠂ ᠥᠷᠢᠰᠦᠯᠳᠦᠭᠡᠨ ᠨᠢ ᠡᠮᠬᠢ ᠵᠢᠷᠤᠮ ᠲᠠᠢ᠂ ᠬᠠᠮᠢᠶᠠᠷᠤᠯᠲᠠ ᠨᠢ ᠵᠢᠷᠤᠮᠵᠢᠬᠰᠠᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ ᠡᠭᠦᠨ ᠤ ᠬᠠᠮᠲᠤ ᠣᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠪᠠ ᠡᠮ ᠡᠮᠨᠡᠯᠭᠡ ᠶᠢᠨ ᠬᠥᠭᠵᠢᠯᠲᠡ ᠶᠢᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠪᠠᠶᠢᠯᠳᠤᠬᠤ ᠪᠣᠳᠣᠯᠭ᠎ᠠ ᠶᠢᠨ ᠬᠤᠳᠠᠯᠳᠤᠨ ᠠᠪᠬᠤ ᠦᠢᠯᠡᠳᠦᠯ ᠢ ᠪᠠᠳᠠᠷᠠᠭᠤᠯᠵᠤ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠦᠭᠦ ᠲᠠᠯ᠎ᠠ ᠶᠢᠨ᠂ ᠲᠡᠩᠴᠡᠭᠦᠷᠢᠲᠡᠢ᠂ ᠣᠯᠠᠨ ᠶᠠᠩᠵᠤ ᠶᠢᠨ ᠡᠮ ᠡᠮᠨᠡᠯᠭᠡ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ᠂ ᠡᠮ ᠡᠮᠨᠡᠯᠭᠡ ᠶᠢᠨ ᠵᠠᠬ᠎ᠠ ᠳᠡᠯᠭᠡᠭᠦᠷ ᠪᠠ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠠᠮᠵᠢᠯᠴᠠᠭ᠎ᠠ᠂ ᠡᠷᠡᠭᠦᠯ ᠮᠡᠨᠳᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠪᠣᠯᠣᠨ᠎ᠠ᠃      ︽ᠠᠷᠭ᠎ᠠ︾ ᠳᠤ᠂ ᠨᠢᠭᠡᠳᠦᠭᠡᠷ ᠳᠡᠰ ᠵᠢᠴᠢ ᠲᠡᠭᠦᠨ ᠠᠴᠠ ᠳᠣᠷᠣᠭᠰᠢᠬᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠪᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠩᠭᠠᠭᠰᠠᠨ ᠬᠤᠪᠢ ᠬᠥᠮᠥᠨ ᠤ ᠲᠠᠩᠰᠨᠨ ᠡᠷᠦᠭᠡ᠂ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ᠂ ᠡᠭᠦᠳᠡᠨ ᠡᠮᠨᠡᠯᠭᠡ ᠶᠢᠨ ᠣᠨᠴᠠᠭᠠᠶ ᠡᠪᠡᠳᠴᠢᠨ᠂ ᠡᠭᠦᠳᠡᠨ ᠡᠮᠨᠡᠯᠭᠡ ᠶᠢᠨ ᠣᠨᠴᠠᠭᠠᠶ ᠡᠮ ᠬᠡᠷᠡᠭᠯᠡᠬᠦ ᠵᠡᠷᠭᠡ ᠦᠢᠯᠡᠴᠢᠯᠡᠭᠡ ᠳᠤ ᠡᠮ ᠡᠮᠨᠡᠯᠭᠡ ᠶᠢᠨ ᠳᠠᠭᠠᠳᠬᠠᠯ ᠤᠨ ᠲᠡᠰᠦᠯᠦᠨ ᠪᠤᠳᠤᠬᠤ ᠲᠠᠰ ᠬᠤᠪᠢᠶᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠤᠯᠠᠮ ᠠᠴᠠ ᠡᠮ ᠡᠮᠨᠡᠯᠭᠡ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠭᠦ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ ᠭᠡᠵᠦ ᠲᠣᠭᠲᠠᠪᠠ᠃      ᠣᠶᠢᠯᠠᠭᠠᠭᠰᠠᠨ ᠢᠶᠠᠷ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠣᠶᠢᠷ᠎ᠠ ᠳᠤ ᠪᠠᠰᠠ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠰᠠᠨ ᠴᠡᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠥᠪᠯᠡᠯᠴᠡᠭᠡᠷ ᠲᠤ ᠲᠣᠭᠲᠠᠭᠰᠠᠨ ᠴᠡᠭ  ᠤᠨ ᠡᠮ ᠤᠨ ᠳᠡᠯᠭᠡᠭᠦᠷ ᠤᠨ ᠪᠦᠷᠢᠯᠳᠦᠭᠦᠯᠬᠦ ᠴᠢᠬᠤᠯᠠᠲᠠᠢ ᠠᠵᠢᠯᠲᠠᠨ᠂ ᠮᠡᠳᠡᠭᠡ ᠵᠠᠩᠭᠢᠴᠢᠯᠠᠯᠲᠠ᠂ ᠬᠠᠮᠢᠶᠠᠷᠤᠯᠲᠠ ᠶᠢᠨ ᠳᠦᠷᠢᠮ ᠵᠡᠷᠭᠡ ᠵᠠᠪᠠᠯ ᠪᠦᠷᠢᠯᠳᠦᠭᠦᠯᠬᠦ ᠨᠥᠬᠦᠴᠡᠯ ᠵᠢᠴᠢ ᠦᠢᠯᠡᠴᠢᠯᠡᠭᠡᠨ ᠤ ᠲᠥᠷᠥᠯ ᠵᠦᠢᠯ ᠢ ᠵᠠᠷᠯᠠᠨ ᠨᠡᠶᠢᠲᠡᠯᠡᠬᠦ᠂ ᠡᠮ ᠲᠠᠩ ᠪᠠᠭᠠᠵᠢ ᠬᠡᠷᠡᠭᠰᠡᠯ ᠢ ᠬᠤᠳᠠᠯᠳᠤᠨ ᠠᠪᠬᠤ᠂ ᠪᠣᠷᠣᠯᠠᠭᠤᠯᠬᠤ ᠦᠨ᠎ᠡ ᠬᠠᠩᠰᠢ᠂ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠲᠣᠬᠢᠷᠠᠭᠤᠯᠤᠯᠲᠠ ᠬᠢᠬᠦ᠂ ᠵᠣᠷ ᠤᠨ ᠦᠢᠯᠡᠴᠢᠯᠡᠭᠡ ᠵᠡᠷᠭᠡ ᠲᠠᠯ᠎ᠠ ᠪᠠᠷ ᠴᠥᠮ ᠪᠣᠳᠠᠲᠠᠢ ᠱᠠᠭᠠᠷᠳᠠᠯᠭ᠎ᠠ ᠭᠠᠷᠭᠠᠵᠤ᠂ ᠬᠢᠨᠠᠨ ᠬᠠᠮᠢᠶᠠᠷᠬᠤ᠂ ᠰᠢᠯᠭᠠᠨ ᠬᠢᠨᠠᠬᠤ᠂ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠵᠡᠷᠭᠡ ᠴᠢᠬᠤᠯᠠ ᠠᠭᠤᠯᠭ᠎ᠠ ᠶᠢ ᠲᠣᠳᠣᠷᠬᠠᠶᠢᠯᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡ ᠶᠢ ᠵᠢᠷᠤᠮᠵᠢᠭᠤᠯᠬᠤ ᠳᠤ ᠦᠨᠳᠦᠰᠦᠯᠡᠯ ᠬᠠᠩᠭᠠᠪᠠ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠣᠳᠣᠯᠲᠠ ᠶᠢ ᠲᠠᠰ ᠬᠤᠪᠢᠶᠠᠨ ᠬᠠᠮᠢᠶᠠᠷᠬᠤ ᠬᠢᠭᠡᠳ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠤᠨ ᠵᠥᠪᠯᠡᠯᠴᠡᠭᠡᠷ ᠢ ᠪᠦᠲᠦᠮᠵᠢᠲᠡᠶ ᠵᠣᠯᠭᠠᠭᠤᠯᠬᠤ ᠨᠢ ᠲᠣᠭᠲᠠᠭᠰᠠᠨ ᠴᠡᠭ ᠤᠨ ᠪᠠᠶᠢᠭᠤᠯᠤᠮᠵᠢ ᠶᠢᠨ ᠵᠥᠪᠰᠢᠶᠡᠷᠡᠨ ᠣᠷᠣᠭᠤᠯᠬᠤ ᠪᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡᠨ ᠤ ᠦᠶᠯᠡ ᠠᠵᠢᠯᠯᠠᠭ᠎ᠠ ᠪᠠᠨ ᠵᠢᠷᠤᠮᠵᠢᠭᠤᠯᠬᠤ ᠶᠢ ᠬᠥᠲᠥᠯᠥᠨ ᠵᠢᠯᠤᠭᠤᠳᠴᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠠᠮᠤᠷ ᠲᠦᠪᠰᠢᠨ ᠪᠥᠭᠡᠳ ᠨᠠᠶᠢᠳᠠᠪᠤᠷᠢᠲᠠᠢ ᠡᠮ ᠡᠮᠨᠡᠯᠭᠡ ᠶᠢᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠶ ᠪᠣᠯᠭᠠᠨ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠭᠦ ᠳᠤ ᠠᠰᠢᠭᠲᠠᠢ ᠶᠤᠮ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号