ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠠᠩᠬᠠᠳᠠᠭᠴᠢ ᠰᠢᠷᠢᠰ ᠣᠷᠣᠨ ᠨᠤᠲᠤᠭ ᠤᠨ ᠪᠠᠷᠢᠮᠵᠢᠶ᠎ᠠ ᠨᠡᠶᠢᠲᠡᠯᠡᠭᠳᠡᠵᠡᠢ
ᠨᠡᠶᠢᠲᠡᠯᠡᠭᠰᠡᠨ ᠴᠠᠭ᠄
2024/12/30
     ᠲᠦᠷᠦᠭᠦᠬᠡᠨ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢᠨ ᠬᠦᠷᠢᠶᠡᠨ ᠳᠠᠬᠢ ᠠᠩᠬᠠᠳᠠᠭᠴᠢ ᠰᠢᠷᠢᠰ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠪᠡ᠃      ᠣᠶᠢᠯᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢᠨ ᠬᠦᠷᠢᠶᠡᠨ ᠳᠤ ᠳᠠᠷᠤᠮᠠᠯᠯᠠᠨ ᠲᠠᠷᠬᠠᠭᠠᠭᠰᠠᠨ ᠠᠩᠬᠠᠳᠠᠭᠴᠢ ᠰᠢᠷᠢᠰ ᠣᠷᠣᠨ ᠨᠤᠲᠤᠭ ᠤᠨ ᠪᠠᠷᠢᠮᠵᠢᠶ᠎ᠠ - ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠵᠢᠷᠤᠮᠵᠢᠯ ᠤᠨ  1 ᠳ᠋ᠦ᠋ᠭᠡᠷ ᠬᠡᠰᠡᠭ᠄ ᠦᠷ᠎ᠡ ᠪᠦᠲᠦᠭᠡᠯ ᠤᠨ ᠵᠢᠷᠤᠭ ᠮᠠᠲ᠋ᠧᠷᠢᠶᠠᠯ ᠵᠢᠷᠤᠭ ᠤᠨ ᠭᠡᠯᠪᠡᠷᠢ ᠵᠢᠷᠤᠭ ᠤᠨ ᠵᠢᠱᠢᠶ᠎ᠡ︾᠂ ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠵᠢᠷᠤᠮᠵᠢᠯ ᠤᠨ 2 ᠳ᠋ᠤᠭᠠᠷ ᠬᠡᠰᠡᠭ᠄  ᠭᠠᠵᠠᠷ ᠰᠢᠨᠵᠢᠯᠡᠭᠡᠨ ᠤ ᠠᠭᠤᠷᠬᠠᠢ ᠶᠢᠨ ᠭᠠᠷᠤᠯᠲᠠ ᠶᠢᠨ ᠲᠥᠷᠥᠯ︾᠂ ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠵᠢᠷᠤᠮᠵᠢᠯ ᠤᠨ 3 ᠳ᠋ᠤᠭᠠᠷ ᠬᠡᠰᠡᠭ᠄ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠲᠥᠷᠥᠯ︾ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ︽ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠯᠪᠠᠨ ᠵᠠᠷ︾ ︵2024 ᠣᠨ ᠤ 24 ᠳ᠋ᠦ᠋ᠭᠡᠷ ᠲᠣᠭᠠᠲᠤ︶ ᠢᠶᠠᠷ ᠵᠥᠪᠰᠢᠶᠡᠷᠡᠭᠦᠯᠦᠭᠡᠳ ᠨᠡᠶᠢᠲᠡᠯᠡᠪᠡ᠃ ︽ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠳ᠋ᠠᠶᠢᠲ᠋ᠠ ᠬᠥᠮᠥᠷᠭᠡ ᠶᠢᠨ ᠵᠢᠷᠤᠮᠵᠢᠯ︾ ᠤᠨ ᠰᠢᠷᠢᠰ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠪᠠᠶᠢᠴᠠᠭᠠᠨ ᠰᠤᠳᠤᠯᠬᠤ ᠬᠦᠷᠢᠶᠡᠯᠡᠩ ᠠᠴᠠ ᠨᠠᠶᠢᠷᠠᠭᠤᠯᠤᠨ ᠵᠣᠬᠢᠶᠠᠵᠠᠢ᠃ ᠲᠣᠰ ᠵᠢᠷᠤᠮᠵᠢᠯ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ  ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠵᠢᠷᠤᠭ ᠮᠠᠲ᠋ᠧᠷᠢᠶᠠᠯ ᠤᠨ ᠳ᠋ᠠᠶᠢᠲ᠋ᠠ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠲᠣᠬᠢᠷᠠᠵᠤ᠂ ᠦᠷ᠎ᠡ ᠪᠦᠲᠦᠭᠡᠯ ᠤᠨ ᠵᠢᠷᠤᠭ ᠮᠠᠲ᠋ᠧᠷᠢᠶᠠᠯ ᠵᠢᠷᠤᠭ ᠤᠨ ᠭᠡᠯᠪᠡᠷᠢ ᠵᠢᠷᠤᠭ ᠤᠨ ᠵᠢᠱᠢᠶ᠎ᠡ ᠶᠢᠨ ᠮᠡᠳᠡᠭᠡ ᠵᠠᠩᠭᠢ ᠪᠠ ᠭᠠᠵᠠᠷ ᠰᠢᠨᠵᠢᠯᠡᠭᠡᠨ ᠠᠭᠤᠷᠬᠠᠢ ᠶᠢᠨ ᠭᠠᠷᠤᠯᠲᠠ ᠶᠢᠨ ᠲᠥᠷᠥᠯ ᠵᠢᠴᠢ ᠳᠡᠯᠡᠬᠡᠢ ᠶᠢᠨ ᠪᠥᠮᠪᠥᠷᠴᠡᠭ ᠤᠨ ᠹᠢᠽᠢᠺ ᠤᠨ ᠲᠥᠷᠥᠯ ᠤᠨ ᠦᠷ᠎ᠡ ᠪᠦᠲᠦᠭᠡᠯ ᠤᠨ ᠵᠢᠷᠤᠭ ᠮᠠᠲ᠋ᠧᠷᠢᠶᠠᠯ ᠤᠨ ᠳ᠋ᠠᠶᠢᠲ᠋ᠠ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠴᠤᠪᠤᠷᠠᠯ᠂ ᠠᠭᠤᠯᠭ᠎ᠠ᠂ ᠲᠤᠰᠢᠶᠠᠬᠤ ᠭᠠᠷᠴᠠᠭ᠂ ᠶᠠᠰᠤ ᠴᠢᠨᠠᠷ ᠢ ᠬᠢᠨᠠᠨ ᠡᠵᠡᠮᠳᠡᠬᠦ ᠵᠡᠷᠭᠡ ᠱᠠᠭᠠᠷᠳᠠᠯᠭ᠎ᠠ ᠶᠢ ᠲᠣᠭᠲᠠᠭᠠᠪᠠ᠃ ᠵᠢᠷᠤᠮᠵᠢᠯ ᠢ ᠨᠡᠶᠢᠲᠡᠯᠡᠭᠰᠡᠨ ᠪᠠ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠮᠡᠳᠡᠭᠡ ᠵᠠᠩᠭᠢᠴᠢᠯᠠᠯᠲᠠ ᠶᠢᠨ ᠠᠬᠢᠴᠠ ᠶᠢ ᠳᠡᠭᠡᠭᠰᠢᠯᠡᠭᠦᠯᠭᠦ᠂ ᠭᠠᠵᠠᠷ ᠰᠢᠨᠵᠢᠯᠡᠭᠡᠨ ᠤ ᠲᠣᠮᠣ ᠳ᠋ᠠᠶᠢᠲ᠋ᠠ ᠶᠢᠨ ᠬᠥᠭᠵᠢᠯᠲᠡ ᠶᠢ ᠲᠤᠯᠭᠠᠭᠤᠷᠢᠯᠠᠨ ᠠᠬᠢᠭᠤᠯᠬᠤ ᠳᠤ ᠰᠠᠭᠤᠷᠢ ᠲᠠᠯᠪᠢᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号