ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠵᠢᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠷ ᠮᠡᠳᠡᠭᠡ ᠶᠢᠨ ᠬᠦᠷᠢᠶᠡᠨ ᠤ ᠪᠠᠶᠠᠷ ᠤᠨ ᠡᠳᠦᠷ ᠠᠴᠠ ᠡᠮᠦᠨᠡᠬᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠪᠡ
ᠨᠡᠶᠢᠲᠡᠯᠡᠭᠰᠡᠨ ᠴᠠᠭ᠄
2024/12/31
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭ ᠲᠤᠬᠠᠢ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ 12 ᠰᠠᠷ᠎ᠠ ᠶᠢᠨ ᠬᠤᠷᠢᠳ ᠠᠴᠠ ᠨᠠᠰᠢ᠂ ᠪᠦᠬᠦ ᠰᠢᠶᠠᠨ ᠤ ᠬᠡᠪᠴᠢᠶᠡᠨ ᠳᠤ ᠰᠢᠨ᠎ᠡ ᠵᠢᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠷ ᠮᠡᠳᠡᠭᠡᠨ ᠤ ᠬᠦᠷᠢᠶᠡᠨ ᠤ ᠪᠠᠶᠠᠷ ᠤᠨ ᠡᠳᠦᠷ ᠠᠴᠠ ᠡᠮᠦᠨᠡᠬᠢ ᠪᠠᠶᠢᠴᠠᠭᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠤᠳᠠᠯ ᠬᠠᠭᠤᠷᠮᠠᠭ ᠵᠠᠷ ᠮᠡᠳᠡᠭᠡ ᠪᠣᠯᠣᠨ ᠭᠡᠷ᠎ᠡ ᠶᠢᠨ ᠬᠠᠤᠯᠢ ᠠᠴᠠ ᠵᠥᠷᠢᠴᠡᠭᠰᠡᠨ ᠪᠠᠶᠢᠳᠠᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠯᠲᠠ ᠬᠢᠪᠡ᠃
     ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠰᠤᠯᠠ ᠢᠳᠡᠭᠡᠨ ᠤ ᠲᠤᠰᠬᠠᠢ ᠳᠡᠯᠭᠡᠭᠦᠷ᠂ ᠨᠢᠳᠦᠨ ᠰᠢᠯ ᠤᠨ ᠳᠡᠯᠭᠡᠭᠦᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭᠠᠢ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠪᠠᠶᠠᠷ ᠤᠨ ᠡᠳᠦᠷ ᠤᠨ ᠪᠣᠷᠤᠯᠠᠭᠤᠯᠭ᠎ᠠ ᠰᠠᠶᠢᠲᠠᠢ ᠲᠠᠸᠠᠷ ᠢᠶᠠᠷ ᠭᠤᠣᠯ ᠪᠣᠯᠭᠠᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠬᠤᠳᠠᠯ ᠬᠠᠭᠤᠷᠮᠠᠭ ᠵᠠᠷ ᠮᠡᠳᠡᠭᠡ ᠶᠢᠨ ᠤᠬᠠᠭᠤᠯᠭ᠎ᠠ᠂ ᠬᠡᠯᠪᠡᠷᠢᠵᠢᠭᠰᠡᠨ ᠭᠡᠷ᠎ᠡ ᠶᠢᠨ ᠵᠦᠢᠯ ᠵᠤᠷᠪᠤᠰ ᠤᠨ ᠬᠠᠤᠯᠢ ᠠᠴᠠ ᠵᠥᠷᠢᠴᠡᠭᠰᠡᠨ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃      ᠪᠠᠶᠢᠴᠠᠭᠠᠬᠤ ᠠᠵᠢᠯᠲᠠᠨ ᠬᠤᠳᠠᠯᠳᠤᠭᠠᠴᠢᠨ ᠤ ᠡᠯ᠎ᠡ ᠲᠥᠷᠥᠯ ᠤᠨ ᠵᠠᠷ ᠮᠡᠳᠡᠭᠡ ᠶᠢᠨ ᠤᠬᠠᠭᠤᠯᠭ᠎ᠠ ᠶᠢᠨ ᠮᠠᠲ᠋ᠧᠷᠢᠶᠠᠯ᠂ ᠵᠠᠷᠯᠠᠯ᠂ ᠤᠬᠠᠭᠤᠯᠭ᠎ᠠ ᠶᠢᠨ ᠬᠠᠭᠤᠳᠠᠰᠤ ᠵᠡᠷᠭᠡ ᠳᠤ ᠬᠤᠳᠠᠯ ᠬᠠᠭᠤᠷᠮᠠᠭ ᠤᠬᠠᠭᠤᠯᠭ᠎ᠠ ᠶᠢᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠬᠤᠳᠠᠯᠳᠤᠭᠠᠴᠢᠨ ᠬᠡᠷᠡᠭᠯᠡᠭᠴᠢᠳ ᠤᠨ ᠲᠣᠭᠲᠠᠭᠰᠠᠨ ᠬᠡᠯᠪᠡᠷᠢᠵᠢᠭᠰᠡᠨ ᠭᠡᠷ᠎ᠡ ᠶᠢᠨ ᠵᠦᠢᠯ ᠵᠤᠷᠪᠤᠰ ᠨᠢ ᠭᠤᠣᠯᠴᠢ ᠪᠤᠰᠤ ᠬᠡᠯᠪᠡᠷᠢᠵᠢᠭᠰᠡᠨ ᠵᠦᠢᠯ ᠵᠤᠷᠪᠤᠰ ᠪᠤᠶᠤ ᠪᠠᠯᠠᠷᠬᠠᠢ ᠵᠦᠢᠯ ᠵᠤᠷᠪᠤᠰ ᠵᠡᠷᠭᠡ ᠦᠢᠯᠡ ᠠᠵᠢᠯᠯᠠᠭ᠎ᠠ ᠪᠠᠷ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠢᠵᠠᠭᠠᠷᠯᠠᠭᠰᠠᠨ ᠡᠰᠡᠬᠦ᠂ ᠭᠡᠷ᠎ᠡ ᠲᠣᠭᠲᠠᠬᠤ ᠶᠠᠪᠤᠴᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠭᠰᠠᠨ ᠡᠰᠡᠬᠦ᠂ ᠬᠡᠷᠡᠭᠯᠡᠭᠴᠢᠳ ᠢ ᠠᠯᠪᠠᠳᠠᠨ ᠭᠡᠷ᠎ᠡ ᠲᠣᠭᠲᠠᠭᠠᠬᠤ ᠠᠵᠢᠯᠯᠠᠭ᠎ᠠ ᠪᠠᠶᠢᠬᠤ ᠡᠰᠡᠬᠦ ᠵᠡᠷᠭᠡ ᠶᠢ ᠪᠠᠶᠢᠴᠠᠭᠠᠪᠠ᠃ ᠣᠳᠣᠬᠠᠨ ᠤ ᠪᠠᠶᠢᠴᠠᠭᠠᠯᠲᠠ ᠠᠰᠠᠭᠤᠳᠠᠯ ᠢᠯᠡᠷᠡᠭᠦᠯᠦᠭᠰᠡᠨ ᠦᠭᠡᠢ᠃
     ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠷ ᠮᠡᠳᠡᠭᠡᠨ ᠤ ᠬᠦᠷᠢᠶᠡᠨ ᠳᠠᠬᠢ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠭᠤᠣᠯᠳᠠᠯᠭ᠎ᠠ ᠲᠠᠢ ᠨᠢᠭᠡᠴᠢ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠠᠬᠢᠨ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠠᠷᠠᠯᠵᠢᠶᠠᠨ ᠤ ᠡᠮᠬᠢ ᠳᠢᠭᠯᠢᠮ ᠢ ᠵᠢᠷᠤᠮᠵᠢᠭᠤᠯᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠴᠢᠩᠭ᠎ᠠ ᠠᠩᠬᠠᠷᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号