ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠥᠪᠡᠷᠲᠡᠭᠡᠨ ᠵᠠᠰᠠᠬᠤ | ᠣᠷᠣᠨ ᠤ 2024 ᠣᠨ ᠤ ᠲᠥᠪ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠪᠠᠷ | ᠨᠡᠶᠢᠭᠡᠮ ᠤᠨ ᠠᠰᠠᠷᠠᠮᠵᠢ ᠶᠢᠨ ᠦᠢᠯᠡᠰ ᠢ ᠳᠡᠮᠵᠢᠬᠦ 1200 ᠲᠦᠮᠡᠨ ᠲᠥᠭᠦᠷᠢᠭ ᠤᠨ ᠪᠡᠯᠡ ᠮᠥᠩᠭᠦ ᠶᠢ | ᠪᠠᠭᠤᠯᠭᠠᠵᠤ᠂ ᠬᠤᠰᠢᠭᠤ ᠰᠢᠶᠠᠨ ᠤ ᠬᠡᠪᠴᠢᠶᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠰᠢᠨ᠎ᠡ ᠶᠢ ᠡᠭᠦᠳᠬᠦ ᠲᠤᠷᠰᠢᠯᠲᠠ ᠶᠢᠨ ᠲᠥᠷᠥᠯ ᠵᠦᠢᠯ᠂ ᠣᠶᠣᠨ ᠮᠡᠳᠡᠷᠡᠯ ᠤᠨ ᠰᠠᠭᠠᠳ ᠲᠠᠢ ᠬᠥᠮᠥᠰ ᠤᠨ ᠨᠡᠶᠢᠭᠡᠮ | ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠲᠤᠷᠰᠢᠯᠲᠠ ᠶᠢᠨ ᠲᠦᠷᠦᠯ ᠵᠦᠢᠯ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠵᠡᠷᠭᠡ 3 ᠲᠦᠷᠦᠯ ᠵᠦᠢᠯ ᠢ ᠲᠠᠮᠵᠢᠪᠡ᠃ | ᠣᠶᠢᠯᠠᠭᠠᠭᠰᠠᠨ ᠢᠶᠠᠷ᠂ ᠬᠤᠰᠢᠭᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ | ᠰᠢᠨ᠎ᠡ ᠶᠢ ᠡᠭᠦᠳᠬᠦ ᠲᠤᠷᠰᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠲᠠᠯ᠎ᠠ ᠪᠠᠷ ᠤᠯᠠᠭᠠᠨᠴᠠᠪ | ᠬᠤᠲᠠ ᠶᠢᠨ ᠳᠥᠷᠪᠡᠳ ᠬᠤᠰᠢᠭᠤ ᠪᠠ ᠬᠥᠯᠥᠨ ᠪᠤᠶᠢᠷ ᠬᠤᠲᠠ ᠶᠢᠨ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠶᠢ ᠲᠤᠰ ᠲᠤᠰ 400 ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠡᠮᠵᠢᠵᠤ᠂ | ᠣᠶᠤᠨ ᠮᠡᠳᠡᠷᠡᠯ ᠤᠨ ᠰᠠᠭᠠᠳ ᠲᠠᠢ ᠬᠥᠮᠥᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ | ᠲᠤᠷᠰᠢᠯᠲᠠ ᠶᠢᠨ ᠲᠥᠷᠥᠯ ᠵᠦᠢᠯ ᠤᠨ ᠬᠦᠷᠢᠶᠡᠨ ᠳᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠢ 200 | ᠲᠦᠮᠡᠨ ᠲᠥᠭᠦᠷᠢᠭ ᠤᠨ ᠪᠡᠯᠡ ᠮᠥᠩᠭᠦ ᠪᠠᠷ ᠲᠡᠮᠵᠢᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ | ᠬᠠᠯᠠᠮᠵᠢᠯᠠᠬᠤ ᠦᠢᠯᠡᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ ᠪᠠᠶᠢᠭᠤᠯᠤᠯᠲᠠ ᠶᠢᠨ ᠬᠦᠷᠢᠶᠡᠨ ᠳᠤ | ᠪᠤᠭᠤᠲᠤ ᠬᠤᠲᠠ ᠶᠢᠨ ᠭᠦᠶᠠᠩ ᠰᠢᠶᠠᠨ ᠢ 200 ᠲᠦᠮᠡᠨ ᠲᠥᠭᠦᠷᠢᠭ ᠤᠨ ᠪᠡᠯᠡ ᠮᠥᠩᠭᠦ ᠪᠠᠷ ᠳᠡᠮᠵᠢᠪᠡ᠃ | ᠣᠳᠣᠬᠠᠨ ᠪᠤᠯᠳᠠᠯ᠎ᠠ ᠪᠡᠯᠡ ᠮᠥᠩᠭᠦ ᠶᠢ ᠪᠦᠭᠦᠨ ᠢ ᠪᠠᠭᠤᠯᠭᠠᠭᠰᠠᠨ ᠪᠠᠶᠢᠨ᠎ᠠ᠃ | ᠨᠡᠶᠢᠭᠡᠮ ᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ︽ᠨᠠᠰᠤᠲᠠᠶᠢᠴᠤᠳ ᠢ ᠲᠡᠳᠬᠦᠬᠦ᠂ ᠵᠡᠮᠳᠡᠭᠴᠦᠳ ᠢ | ᠲᠤᠰᠠᠯᠠᠬᠤ᠂ ᠥᠨᠥᠴᠢᠨ ᠥᠷᠥᠭᠡᠰᠦᠨ ᠢ ᠠᠪᠤᠷᠠᠬᠤ᠂ ᠬᠦᠴᠢᠷᠳᠡᠯᠲᠡᠢ ᠶᠢ ᠲᠤᠰᠠᠯᠠᠬᠤ︾ ᠵᠣᠷᠢᠯᠲᠠ ᠶᠣᠰᠣᠭᠠᠷ ᠳᠡᠭᠡᠷ᠎ᠡ | ᠳᠤᠷᠠᠳᠤᠭᠰᠠᠨ ᠪᠡᠯᠡ ᠮᠥᠩᠭᠦ ᠶᠢ ᠲᠤᠰᠬᠠᠶᠢᠯᠠᠨ ᠳᠣᠣᠷᠠᠬᠢ ᠬᠡᠳᠦᠨ ᠲᠠᠯ᠎ᠠ ᠳᠤ ᠬᠡᠷᠡᠭᠯᠡᠨ᠎ᠡ᠃ ᠬᠤᠰᠢᠭᠤ ᠰᠢᠶᠠᠨ ᠤ | ᠬᠡᠪᠴᠢᠶᠡᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ | ᠲᠤᠷᠰᠢᠯᠲᠠ ᠶᠢᠨ ᠲᠥᠷᠥᠯ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠭᠤᠣᠯᠳᠠᠭᠤ ᠠᠯᠪᠠᠨ ᠠᠴᠠ ᠡᠷᠭᠢᠯᠡᠭᠰᠡᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ | ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ ᠵᠢᠴᠢ ᠪᠠᠲᠤᠯᠠᠭ᠎ᠠ ᠶᠢᠨ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠳᠤ ᠬᠡᠷᠡᠭᠯᠡᠨ᠎ᠡ᠃ ᠣᠶᠣᠨ ᠮᠡᠳᠡᠷᠡᠯ ᠤᠨ ᠰᠠᠭᠠᠳ ᠲᠠᠢ ᠬᠥᠮᠥᠰ ᠤᠨ | ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠲᠤᠷᠰᠢᠯᠲᠠ ᠶᠢᠨ ᠲᠦᠷᠦᠯ ᠵᠦᠢᠯ ᠤᠨ ᠪᠡᠯᠡ ᠮᠥᠩᠭᠦ | ᠶᠢ ᠭᠤᠣᠯᠳᠠᠭᠤ ᠣᠶᠣᠨ ᠮᠡᠳᠡᠷᠡᠯ ᠤᠨ ᠰᠠᠭᠠᠳ ᠲᠠᠢ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡ | ᠬᠠᠩᠭᠠᠬᠤ᠂ ᠬᠢᠨᠠᠨ ᠵᠢᠯᠤᠭᠤᠳᠴᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ᠂ ᠬᠤᠯᠪᠣᠭᠳᠠᠯ ᠪᠦᠬᠦᠢ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ ᠵᠢᠴᠢ ᠪᠠᠲᠤᠯᠠᠭ᠎ᠠ ᠶᠢᠨ ᠲᠦᠷᠦᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠵᠡᠷᠭᠡ ᠳᠤ ᠬᠡᠷᠡᠭᠯᠡᠨ᠎ᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ | ᠬᠠᠯᠠᠮᠵᠢᠯᠠᠬᠤ ᠦᠢᠯᠡᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠭᠤᠣᠯᠳᠠᠭᠤ ᠠᠶᠤᠯ | ᠲᠦᠭᠰᠢᠭᠦᠷᠢ ᠶᠢᠨ ᠭᠡᠮ ᠰᠣᠭᠤᠭ ᠣᠷᠣᠰᠢᠵᠤ ᠪᠠᠶᠢᠭ᠎ᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠶᠢᠷᠠᠯᠠᠨ | ᠬᠠᠯᠠᠮᠵᠢᠯᠠᠬᠤ ᠦᠢᠯᠡᠴᠢᠯᠡᠭᠡ ᠪᠠ ᠣᠨᠴᠠᠭᠠᠶ ᠬᠡᠷᠡᠭ ᠶᠠᠪᠤᠳᠠᠯ ᠢᠶᠠᠷ ᠬᠠᠪᠰᠤᠷᠤᠨ ᠲᠡᠳᠬᠦᠬᠦ᠂ ᠬᠠᠮᠢᠶ᠎ᠠ ᠪᠦᠬᠦᠢ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ ᠵᠢᠴᠢ ᠪᠠᠲᠤᠯᠠᠭ᠎ᠠ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠵᠡᠷᠭᠡ ᠳᠤ ᠬᠡᠷᠡᠭᠯᠡᠨ᠎ᠡ᠃ | | |