ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ 114.4 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠡᠭᠦᠳᠴᠡᠢ
ᠨᠡᠶᠢᠲᠡᠯᠡᠭᠰᠡᠨ ᠴᠠᠭ᠄
2024/12/31
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ 2024 ᠣᠨ ᠤ ᠲᠦᠷᠦᠭᠦᠤ 10 ᠰᠠᠷ᠎ᠠ ᠳᠤ ᠮᠠᠨ ᠤ ᠣᠷᠣᠨ ᠤ ᠬᠢᠨᠠᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠨᠡᠶᠢᠳᠡ 114.4 ᠳ᠋ᠦᠩᠰᠢᠭᠤᠷ ᠲᠥᠭᠦᠷᠢᠭ ᠤᠨ ᠠᠰᠢᠭ ᠣᠯᠵᠠᠪᠤᠷᠢ ᠡᠭᠦᠳᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 31.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠲᠤ ᠭᠤᠷᠪᠠᠳᠤᠭᠠᠷ ︵ᠪᠦᠭᠦ ᠤᠯᠤᠰ ᠤᠨ ᠮᠤᠵᠢ ᠶᠢᠨ ᠱᠠᠲᠤᠨ ᠤ ᠬᠢᠨᠠᠨ ᠬᠠᠮᠢᠶᠠᠷᠬᠤ ᠠᠵᠤ ᠠᠬᠤᠶᠢᠯᠠᠯ ᠤᠨ ᠭᠦᠢᠴᠡᠳᠬᠡᠯ ᠲᠤᠭ᠎ᠠ ᠶᠢᠨ ᠵᠢᠭᠰᠠᠭᠠᠯᠲᠠ︶ ᠲᠤ ᠵᠢᠭᠰᠠᠵᠤ᠂ ᠠᠰᠢᠭ ᠣᠯᠵᠠᠪᠤᠷᠢ ᠶᠢᠨ ᠶᠡᠷᠦᠩᠬᠡᠢ ᠬᠡᠮᠵᠢᠶ᠎ᠡ ᠪᠠᠷ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠤᠷᠢᠨ ᠬᠤᠶᠠᠳᠤᠭᠠᠷ ᠪᠠᠶᠢᠷᠢ ᠠᠴᠠ ᠳᠡᠭᠡᠭᠰᠢᠯᠡᠭᠡᠳ ᠠᠷᠪᠠ ᠶᠢᠰᠦᠳᠦᠭᠡᠷ ᠪᠠᠶᠢᠷᠢ ᠳᠤ ᠳᠡᠪᠰᠢᠪᠠ᠃      2024 ᠣᠨ ᠤ ᠲᠦᠷᠦᠭᠦᠤ 10 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠡᠶᠢᠳᠡ 670 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 87.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠮᠥᠨ ᠪᠦᠭᠦ ᠤᠯᠤᠰ ᠤᠨ ᠭᠤᠷᠪᠠᠳᠤᠭᠠᠷ ᠲᠤ ᠵᠢᠬᠰᠠᠪᠠ; ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠴᠡᠪᠡᠷ ᠠᠰᠢᠭ ᠣᠯᠵᠠᠪᠤᠷᠢ ᠶᠢᠨ ᠨᠤᠷᠮ᠎ᠠ᠂ ᠡᠵᠡᠩᠨᠡᠯᠲᠡ ᠳᠠᠬᠢ ᠪᠡᠯᠡ ᠮᠥᠩᠭᠦᠨ ᠤ ᠡᠵᠡᠯᠡᠬᠦ ᠬᠠᠷᠢᠴᠠᠯ ᠪᠠ ᠪᠦᠭᠦ ᠬᠥᠳᠡᠯᠮᠦᠷᠢᠴᠢᠳ ᠤᠨ ᠦᠢᠯᠡᠳᠪᠦᠷᠢᠯᠡᠯ ᠤᠨ ᠨᠤᠷᠮ᠎ᠠ ᠨᠢ ᠲᠤᠰ ᠲᠤᠰ ᠪᠦᠭᠦ ᠤᠯᠤᠰ ᠤᠨ ᠠᠷᠪᠠᠨ ᠭᠤᠷᠪᠠᠳᠤᠭᠠᠷ᠂ ᠳᠣᠯᠣᠳᠤᠭᠠᠷ ᠪᠠ ᠠᠷᠪᠠᠨ ᠭᠤᠷᠪᠠᠳᠤᠭᠠᠷ ᠲᠤ ᠵᠢᠭᠰᠠᠨ᠂ 2023 ᠣᠨ ᠠᠴᠠ ᠲᠤᠰ ᠲᠤᠰ ᠲᠠᠪᠤᠨ ᠣᠷᠣ᠂ ᠲᠠᠪᠤᠨ ᠣᠷᠣ ᠪᠠ ᠳᠦᠷᠪᠡᠨ ᠣᠷᠣ ᠳᠠᠪᠰᠢᠪᠠ; ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠠᠬᠢ ᠪᠡᠯᠡ ᠤᠷᠤᠭᠤᠯᠤᠯᠳᠠ ᠶᠢᠨ ᠡᠷᠴᠢᠮ  ᠨᠢ 3.8% ᠪᠠᠶᠢᠵᠤ᠂ ᠪᠦᠭᠦ ᠤᠯᠤᠰ ᠲᠤ ᠮᠠᠩᠯᠠᠶᠢᠯᠠᠵᠤ ᠪᠠᠶᠢᠨ᠎ᠠ᠃      2024 ᠣᠨ ᠤ 10 ᠰᠠᠷ᠎ᠠ ᠶᠢᠨ ᠰᠡᠭᠦᠯᠴᠢ ᠪᠤᠯᠳᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ  ᠤᠨ ᠬᠢᠨᠠᠨ ᠬᠠᠮᠢᠶᠠᠷᠴᠤ ᠪᠠᠶᠢᠭ᠎ᠠ ᠲᠤᠰᠠᠭᠠᠷ ᠲᠣᠭᠠᠴᠠᠭ᠎ᠠ ᠬᠢᠬᠦ ᠬᠤᠪᠢᠶᠠᠷᠢ ᠠᠵᠤ ᠠᠬᠤᠶᠢᠯᠠᠯ ᠤᠨ ᠠᠯᠳᠠᠪᠤᠷᠢ ᠶᠢᠨ ᠬᠡᠪᠴᠢᠶ᠎ᠡ ᠨᠢ 20.1% ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ  ᠢᠶᠠᠷ 8.9 ᠬᠤᠪᠢ ᠪᠠᠭᠤᠷᠠᠪᠠ; ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠯᠳᠠᠪᠤᠷᠢ ᠲᠠᠢ 11 ᠬᠤᠪᠢᠶᠠᠷᠢ ᠠᠵᠤ ᠠᠬᠤᠶᠢᠯᠠᠯ ᠠᠴᠠ 3 ᠠᠵᠤ ᠠᠬᠤᠶᠢᠯᠠᠯ ᠨᠢᠭᠡᠨᠲᠡ ᠣᠯᠵᠠᠪᠤᠷᠢ ᠲᠠᠢ ᠪᠣᠯᠵᠤ᠂ 6 ᠠᠵᠤ ᠠᠬᠤᠶᠢᠯᠠᠯ ᠨᠢ ᠠᠯᠳᠠᠪᠤᠷᠢ ᠪᠠᠨ ᠪᠠᠭᠠᠰᠬᠠᠨ᠂ ᠨᠡᠶᠢᠲᠡ 1.9 ᠳ᠋ᠦᠩᠰᠢᠭᠤᠷ ᠲᠥᠭᠦᠷᠢᠭ ᠤᠨ ᠠᠯᠳᠠᠪᠤᠷᠢ ᠶᠢ ᠪᠠᠭᠠᠰᠬᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号