ᠮᠠᠨ ᠤ ᠣᠷᠣᠨ ᠤ 16 ᠲᠦᠷᠦᠯ ᠵᠦᠢᠯ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠳᠡᠮᠵᠢᠯᠭᠡ ᠶᠢ ᠬᠦᠷᠲᠡᠵᠡᠢ
ᠨᠡᠶᠢᠲᠡᠯᠡᠭᠰᠡᠨ ᠴᠠᠭ᠄
2024/12/4
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ 16 ᠲᠥᠷᠥᠯ ᠵᠦᠢᠯ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠲᠤᠷᠠᠭᠰᠠᠨ ᠰᠠᠭᠤᠷᠢ ᠮᠥᠩᠭᠦ ᠶᠢᠨ ᠵᠠᠷᠤᠳᠠᠯ ᠢ 4158 ᠲᠦᠮᠡᠨ ᠲᠥᠭᠦᠷᠢᠭ ᠣᠯᠵᠠᠢ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ︽ᠮᠤᠤᠠᠤᠰᠤ ᠶᠢᠨ ᠡᠯᠡᠰᠦᠷᠬᠡᠭ ᠭᠠᠵᠠᠷ ᠨᠠᠭᠤᠷ ᠪᠦᠷᠢᠳᠦ ᠶᠢᠨ ᠠᠮᠢ ᠠᠬᠤᠢ ᠤᠰᠤᠨ ᠵᠦᠢ ᠶᠢᠨ ᠬᠤᠪᠢᠰᠤᠯᠲᠠ ᠶᠢᠨ ᠲᠣᠭᠲᠠᠴᠠ ᠬᠢᠭᠡᠳ ᠲᠣᠬᠢᠷᠠᠭᠤᠯᠭ᠎ᠠ ᠡᠵᠡᠮᠳᠡᠯ ᠤᠨ ᠰᠤᠳᠤᠯᠭᠠᠨ︾ ᠵᠡᠷᠭᠡ 8 ᠲᠥᠷᠥᠯ ᠵᠦᠢᠯ ᠤᠨ ᠲᠤᠰᠠᠯᠠᠮᠵᠢ ᠶᠢᠨ ᠵᠠᠷᠤᠳᠠᠯ ᠨᠢ 2077 ᠲᠦᠮᠡᠨ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ   ᠬᠢ ᠠᠴᠠ 34% ᠪᠠᠷ ᠨᠡᠮᠡᠭᠳᠡᠵᠦ ᠰᠢᠨ᠎ᠡ ᠲᠡᠮᠳᠡᠭᠯᠡᠯ ᠢ ᠡᠭᠦᠳᠴᠡᠢ᠃      ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠣᠷᠣᠨ ᠪᠦᠰᠡ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠬᠠᠮᠲᠤᠷᠠᠭᠰᠠᠨ ᠰᠠᠭᠤᠷᠢ ᠮᠥᠩᠭᠦ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠪᠣᠯᠣᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠵᠥᠪᠯᠡᠯ ᠠᠴᠠ  ᠬᠠᠮᠲᠤ ᠪᠠᠷ ᠪᠡᠯᠡ ᠮᠥᠩᠭᠦ ᠭᠠᠷᠭᠠᠵᠤ᠂ ᠣᠷᠣᠨ ᠨᠤᠲᠤᠭ ᠠᠴᠠ ︽ᠰᠡᠳᠦᠪ ᠲᠣᠭᠲᠠᠭᠠᠵᠤ︾᠂ ᠪᠦᠭᠦ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ︽ᠡᠭᠦᠷᠭᠡ ᠳᠠᠭᠠᠭᠠᠴᠢᠯᠠᠬᠤ︾ ᠤᠯᠤᠰ ᠤᠨ ᠰᠠᠭᠤᠷᠢ ᠮᠥᠩᠭᠦ ᠶᠢᠨ ᠲᠦᠷᠦᠯ ᠵᠦᠢᠯ ᠮᠥᠨ᠃ 2022 ᠣᠨ ᠠᠴᠠ ᠨᠠᠭᠠᠰᠢ᠂ ᠮᠠᠨ ᠤ ᠣᠷᠣᠨ ᠤ ᠨᠡᠶᠢᠲᠡ 39 ᠲᠥᠷᠥᠯ ᠵᠦᠢᠯ ᠣᠷᠣᠨ ᠪᠦᠰᠡ  ᠶᠢᠨ ᠬᠠᠮᠲᠤᠷᠠᠭᠰᠠᠨ ᠰᠠᠭᠤᠷᠢ ᠮᠥᠩᠭᠦ ᠶᠢᠨ ᠳᠡᠮᠵᠢᠯᠭᠡ ᠶᠢ ᠣᠯᠵᠤ᠂ ᠠᠮᠢᠳᠤ ᠪᠣᠳᠠᠰ ᠬᠢᠭᠡᠳ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠬᠢᠭᠡᠳ ᠣᠷᠴᠢᠨ ᠲᠣᠭᠤᠷᠢᠨ᠂ ᠰᠢᠨ᠎ᠡ ᠮᠠᠲ᠋ᠧᠷᠢᠶᠠᠯ ᠬᠢᠭᠡᠳ ᠲᠡᠷᠢᠭᠦᠨ ᠤ ᠦᠢᠯᠡᠳᠬᠡᠯ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠡᠯᠧᠺᠲᠷᠣᠨ ᠮᠡᠳᠡᠭᠡ ᠵᠠᠩᠭᠢ ᠵᠡᠷᠭᠡ ᠬᠦᠷᠢᠶ᠎ᠡ ᠶᠢ ᠬᠠᠮᠤᠷᠴᠤ᠂ ᠳ᠋ᠦᠩᠰᠢᠭᠤᠷ ᠭᠠᠷᠤᠢ ᠲᠥᠭᠦᠷᠢᠭ ᠤᠨ ᠵᠠᠷᠤᠳᠠᠯ ᠢ ᠣᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠭᠠᠵᠠᠷ᠂ ᠪᠡᠭᠡᠵᠢᠩ ᠤᠨ ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠣᠷᠣᠨ ᠤ ᠭᠠᠳᠠᠨᠠᠬᠢ 51 ᠪᠦᠯᠭᠦᠮ ᠨᠡᠶᠢᠲᠡ ᠶᠢ ᠲᠠᠲᠠᠵᠤ ᠮᠠᠨ ᠤ ᠣᠷᠣᠨ ᠤ ᠰᠠᠭᠤᠷᠢ ᠰᠤᠳᠤᠯᠭᠠᠨ ᠳᠤ ᠣᠷᠣᠯᠴᠠᠭᠤᠯᠪᠠ᠃      ᠣᠶᠢᠯᠠᠭᠠᠭᠰᠠᠨ ᠢᠶᠠᠷ᠂ ᠮᠠᠨ ᠤ ᠣᠷᠣᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ  ᠶᠢᠨ ᠣᠷᠣᠨ ᠪᠦᠰᠡ ᠶᠢᠨ ᠬᠠᠮᠲᠤᠷᠠᠭᠰᠠᠨ ᠰᠠᠭᠤᠷᠢ ᠮᠥᠩᠭᠦ ᠳᠤ ᠣᠷᠣᠯᠴᠠᠬᠰᠠᠨ ᠠᠴᠠ ᠨᠠᠭᠠᠰᠢ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠣᠷᠣᠶᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠴᠤᠭᠯᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠥᠷᠨᠢᠭᠦᠯᠵᠦ᠂ ᠰᠠᠯᠠᠭ᠎ᠠ ᠮᠥᠴᠢᠷ᠂ ᠠᠵᠢᠯ ᠲᠥᠷᠥᠯ᠂ ᠣᠷᠣᠨ ᠪᠦᠰᠡ ᠰᠤᠨᠳᠠᠯᠠᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠳᠡᠭᠡᠭᠰᠢᠯᠡᠭᠦᠯᠭᠦ᠂ ᠴᠢᠳᠠᠪᠤᠷᠢᠲᠠᠨ ᠤ ᠪᠦᠯᠭᠦᠮ ᠨᠡᠶᠢᠲᠡ ᠶᠢ ᠬᠥᠮᠥᠵᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号