12 ᠰᠠᠷ᠎ᠠ ᠶᠢᠨ 4 ᠤ ᠡᠳᠦᠷ᠂ ᠤᠯᠤᠰ ᠤᠨ ᠦᠨᠳᠦᠰᠦᠨ ᠬᠠᠤᠯᠢ ᠶᠢᠨ ᠡᠳᠦᠷ ᠲᠤ᠂ ᠦᠴᠦᠸᠠᠨ ᠰᠢᠶᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ | ᠴᠠᠭᠠᠵᠠ ᠶᠢᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠰᠢᠶᠠᠨ ᠤ ᠬᠠᠤᠯᠢ ᠴᠠᠭᠠᠵᠠ ᠶᠢᠨ | ᠲᠣᠪᠴᠢᠶ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠶᠠᠨ ᠤ ᠪᠠᠶᠢᠴᠠᠭᠠᠬᠤ ᠬᠤᠷᠢᠶ᠎ᠠ᠂ ᠰᠢᠶᠠᠨ ᠤ | ᠰᠢᠭᠦᠬᠦ ᠬᠤᠷᠢᠶ᠎ᠠ ᠵᠡᠷᠭᠡ ᠤᠯᠠᠨ ᠰᠠᠯᠠᠭ᠎ᠠ ᠮᠥᠴᠢᠷ ᠬᠠᠮᠲᠤᠷᠠᠨ ᠥᠷᠨᠢᠭᠦᠯᠦᠭᠰᠡᠨ ᠦᠴᠦᠸᠠᠨ ᠰᠢᠶᠠᠨ ᠤ | ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠰᠢᠷᠢᠰ ᠬᠠᠤᠯᠢᠵᠢᠯ ᠤᠨ ᠤᠬᠠᠭᠤᠯᠭ᠎ᠠ ᠶᠢᠨ ᠠᠵᠢᠯᠯᠠᠭ᠎ᠠ | ᠰᠢᠨ᠎ᠡ ᠳᠡᠯᠡᠬᠡᠢ ᠠᠭᠤᠳᠠᠮ ᠲᠠᠯᠠᠪᠠᠢ ᠳᠤ ᠶᠠᠪᠤᠭᠳᠠᠪᠠ᠃ | ᠠᠵᠢᠯᠯᠠᠭ᠎ᠠ ᠨᠢ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ᠂ ᠬᠠᠤᠯᠢ ᠴᠠᠭᠠᠵᠠ ᠶᠢᠨ ᠯᠠᠪᠯᠠᠭ᠎ᠠ ᠳᠤ ᠬᠠᠷᠢᠭᠤᠯᠲᠠ ᠥᠭᠬᠦ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠬᠦ | ᠵᠡᠷᠭᠡ ᠬᠡᠯᠪᠡᠷᠢ ᠪᠠᠷ ᠶᠠᠪᠤᠭᠳᠠᠭᠤᠯᠵᠤ᠂ ᠠᠵᠢᠯᠲᠠᠳ ᠲᠤᠬᠠᠢ ᠶᠢᠨ ᠲᠠᠯᠠᠪᠠᠶ ᠳᠤ ᠥᠷᠭᠡᠨ ᠣᠯᠠᠨ ᠲᠦᠮᠡᠨ ᠳᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠢᠷᠭᠡᠨ ᠤ ᠬᠠᠤᠯᠢ ᠶᠢᠨ | ᠪᠢᠴᠢᠭ︾᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠶᠢᠨ | ᠮᠡᠳᠡᠯᠭᠡ ᠶᠢ ᠲᠥᠪᠯᠡᠷᠡᠭᠦᠯᠦᠨ ᠤᠬᠠᠭᠤᠯᠵᠤ᠂ ᠣᠯᠠᠨ ᠲᠦᠮᠡᠨ ᠤ ᠬᠠᠤᠯᠢ ᠴᠠᠭᠠᠵᠠ ᠶᠢᠨ ᠯᠠᠪᠯᠠᠭ᠎ᠠ ᠳᠤ | ᠬᠦᠯᠢᠴᠡᠩᠭᠦᠢ ᠪᠠᠷ ᠨᠠᠷᠢᠨ ᠨᠢᠮᠪᠠᠢ ᠬᠠᠷᠢᠭᠤᠯᠲᠠ ᠥᠭᠴᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ | ᠤᠬᠠᠮᠰᠠᠷ ᠠᠴᠠ ᠪᠠᠨ ᠬᠠᠤᠯᠢ ᠶᠢ ᠰᠤᠷᠴᠤ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠵᠦ᠂ ᠲᠣᠰ ᠪᠡᠶ᠎ᠡ ᠶᠢᠨ ᠡᠷᠬᠡ | ᠠᠰᠢᠭ ᠨᠢ ᠬᠠᠯᠳᠠᠯᠭ᠎ᠠ ᠳᠤ ᠤᠴᠠᠷᠠᠬᠤ ᠦᠶ᠎ᠡ ᠳᠤ᠂ ᠬᠠᠤᠯᠢ ᠴᠠᠭᠠᠵᠠ ᠶᠢᠨ ᠵᠡᠪᠰᠡᠭ ᠢᠶᠠᠷ ᠲᠣᠰ ᠪᠡᠶ᠎ᠡ ᠶᠢᠨ ᠬᠠᠤᠯᠢ | ᠶᠣᠰᠣᠨ ᠤ ᠡᠷᠬᠡ ᠠᠰᠢᠭ ᠪᠠᠨ ᠬᠠᠮᠠᠭᠠᠯᠠᠬᠤ ᠶᠢ ᠰᠤᠷᠪᠠ᠃ | ᠲᠣᠰ ᠤᠳᠠᠭᠠᠨ ᠤ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠭᠰᠡᠨ ᠨᠢ ᠦᠴᠦᠸᠠᠨ ᠰᠢᠶᠠᠨ ᠤ ᠠᠷᠠᠳ ᠣᠯᠠᠨ ᠤ ᠦᠨᠳᠦᠰᠦᠨ ᠬᠠᠤᠯᠢ ᠶᠢᠨ ᠤᠬᠠᠮᠰᠠᠷ ᠪᠠ ᠬᠠᠤᠯᠢᠵᠢᠯ ᠤᠨ | ᠦᠵᠡᠯᠲᠡ ᠶᠢ ᠲᠤᠶᠢᠯ ᠤᠨ ᠶᠡᠭᠡ ᠪᠠᠷ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠬᠥᠮᠥᠰ ᠤᠨ | ᠰᠡᠳᠬᠢᠯ ᠳᠤ ᠨᠠᠩ ᠭᠦᠨ ᠬᠠᠳᠠᠩᠰᠢᠭᠤᠯᠵᠤ᠂ ᠪᠥᠬᠦ ᠰᠢᠶᠠᠨ ᠳᠤ ᠬᠠᠤᠯᠢᠵᠢᠯ ᠤᠨ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠵᠤ᠂ ᠦᠴᠦᠸᠠᠨ ᠰᠢᠶᠠᠨ ᠤ ᠬᠠᠤᠯᠢᠵᠢᠯ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ | ᠲᠠᠯᠪᠢᠭᠰᠠᠨ ᠪᠠᠶᠢᠨ᠎ᠠ᠃ ᠦᠴᠦᠸᠠᠨ ᠰᠢᠶᠠᠨ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ︾ ᠡᠨᠡ ᠬᠦ ᠭᠤᠣᠯ ᠰᠡᠳᠦᠪ ᠤᠨ | ᠲᠣᠭᠤᠷᠢᠨ ᠳᠤ᠂ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠠᠯᠢ ᠤᠯᠠᠨ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠬᠠᠤᠯᠢᠵᠢᠯ ᠤᠨ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠠᠤᠯᠢᠵᠢᠯ ᠤᠨ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ | ᠰᠠᠬᠢᠬᠤ ᠬᠠᠤᠯᠢ ᠶᠢ ᠬᠡᠷᠡᠭᠯᠡᠬᠦ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ︽ᠥᠨᠥᠳᠥᠷ ᠪᠣᠯ 12·4 ᠤᠯᠤᠰ ᠤᠨ ᠦᠨᠳᠦᠰᠦᠨ ᠬᠠᠤᠯᠢ ᠶᠢᠨ ᠡᠳᠦᠷ ᠪᠣᠯᠣᠨ᠎ᠠ᠂ ᠲᠤᠰ ᠤᠳᠠᠭᠠᠨ ᠤ | ᠦᠨᠳᠦᠰᠦᠨ ᠬᠠᠤᠯᠢ ᠶᠢᠨ ᠡᠳᠦᠷ ᠤᠨ ᠭᠤᠣᠯ ᠰᠡᠳᠦᠪ ᠨᠢ ︿ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ﹀ ᠪᠣᠯᠣᠨ᠎ᠠ᠂ | ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠬᠠᠤᠯᠢ ᠴᠠᠭᠠᠵᠠ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ | ᠤᠯᠠᠨ ᠲᠦᠮᠡᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠶᠡᠬᠡᠪᠡᠷ | ᠤᠬᠠᠭᠤᠯᠬᠤ ᠪᠣᠯ ᠮᠠᠨ ᠤ ᠭᠤᠣᠯ ᠬᠠᠷᠢᠭᠤᠴᠠᠯᠭ᠎ᠠ ᠭᠤᠣᠯ ᠠᠵᠢᠯ ᠦᠢᠯᠡᠰ ᠤᠨ ᠨᠢᠭᠡ ᠪᠣᠯᠣᠨ᠎ᠠ᠂ ᠪᠢᠳᠡ ᠺᠠᠳ᠋ᠷ | ᠴᠠᠭᠳᠠᠭ᠎ᠠ ᠶᠢ ᠵᠣᠬᠢᠶᠠᠨ ᠪᠠᠶᠢᠭᠤᠯᠤᠨ ᠰᠢᠨ᠎ᠡ ᠳᠡᠯᠡᠬᠡᠢ ᠠᠭᠤᠳᠠᠮ ᠲᠠᠯᠠᠪᠠᠢ ᠳᠤ ᠬᠦᠷᠴᠦ᠂ ᠠᠷᠠᠳ ᠤᠯᠠᠨ ᠳᠤ ᠮᠠᠨ ᠤ | ᠦᠨᠳᠦᠰᠦᠨ ᠬᠠᠤᠯᠢ᠂ ︽ᠢᠷᠭᠡᠨ ᠤ ᠬᠠᠤᠯᠢ ᠶᠢᠨ ᠪᠢᠴᠢᠭ︾᠂ ᠡᠷᠡᠭᠦᠦ ᠶᠢᠨ ᠬᠠᠤᠯᠢ ᠵᠢᠴᠢ ᠨᠠᠰᠤᠨ ᠳᠤ ᠦᠯᠦ | ᠬᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠶᠢ ᠶᠠᠷᠢᠵᠤ᠂ ᠤᠯᠠᠨ | ᠲᠦᠮᠡᠨ ᠢ ᠦᠷᠭᠦᠯᠵᠢ ᠬᠡᠷᠡᠭᠯᠡᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠪᠦᠬᠦ ᠲᠠᠯ᠎ᠠ ᠶᠢᠨ | ᠣᠶᠢᠯᠠᠭᠠᠯᠲᠠ ᠲᠠᠢ ᠪᠣᠯᠭᠠᠪᠠ︾ ᠭᠡᠵᠦ ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠤᠯᠤᠰ ᠲᠦᠷᠦ ᠶᠢᠨ | ᠬᠡᠯᠲᠡᠰ ᠤᠨ ᠡᠷᠬᠢᠯᠡᠭᠴᠢ ᠨᠢ ᠯᠢ ᠯᠢ ᠰᠤᠷᠪᠤᠯᠵᠢᠯᠠᠭᠴᠢ ᠳᠤ ᠲᠠᠨᠢᠯᠴᠠᠭᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ | ᠶᠠᠩ ᠵᠢᠶᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |