ᠮᠠᠯ ᠠᠵᠤ ᠠᠬᠤᠢ ᠲᠠᠷᠢᠶᠠᠯᠠᠩ ᠤᠨ 190 ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ  ᠶᠢ ᠪᠡᠶᠡᠯᠡᠭᠦᠯᠦᠭᠰᠡᠨ ᠨᠣᠷᠮ᠎ᠠ 92% ᠢ ᠳᠠᠪᠠᠪᠠ
ᠨᠡᠶᠢᠲᠡᠯᠡᠭᠰᠡᠨ ᠴᠠᠭ᠄
2024/12/5
    ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ  ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠪᠠᠷ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠤ ᠪᠠᠶᠢᠨ᠎ᠠ᠃ ᠬᠠᠮᠤᠭ ᠤᠨ ᠰᠢᠨ᠎ᠡ ᠪᠦᠷᠢᠳᠬᠡᠯ ᠢᠶᠠᠷ᠂ ᠡᠨᠡ ᠵᠢᠯ ᠤᠨ ᠲᠦᠷᠦᠭᠦᠦ 10 ᠰᠠᠷ᠎ᠠ ᠳᠤ ᠪᠦᠭᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ 190 ᠴᠢᠬᠤᠯᠠ ᠶᠡᠭᠡ ᠲᠥᠷᠥᠯ ᠵᠦᠢᠯ ᠪᠦᠭᠦᠨ ᠢᠶᠠᠷ ᠢᠶᠠᠨ ᠠᠵᠢᠯ ᠡᠬᠢᠯᠡᠵᠦ᠂ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 92.13% ᠳᠤ ᠬᠦᠷᠴᠡᠢ᠃     ᠣᠶᠢᠷ᠎ᠠ ᠳᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠰᠢᠩ ᠮᠦ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠭᠤᠨ ᠲᠦᠮᠡᠨ ᠮᠢᠬᠠᠨ ᠤ ᠬᠤᠨᠢ ᠲᠡᠵᠢᠭᠡᠬᠦ ᠮᠠᠯ ᠠᠵᠤ ᠠᠬᠤᠢ ᠪᠣᠯᠣᠨ ᠭᠡᠷᠡᠯᠴᠢ ᠴᠡᠨᠡᠭ  ᠤᠨ ᠦᠢᠯᠡᠰ ᠢ ᠬᠠᠷᠢᠯᠴᠠᠨ ᠨᠥᠬᠦᠪᠦᠷᠢᠯᠡᠨ ᠨᠢᠭᠡ ᠴᠣᠭᠴᠠᠵᠢᠭᠤᠯᠤᠭᠰᠠᠨ ᠪᠠᠭ᠎ᠠ ᠨᠡᠭᠦᠷᠡᠰᠦᠲᠥ᠋ᠷᠥᠭᠴᠢᠲᠦ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ 6000 ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠵᠢᠱᠢᠶ᠎ᠡ ᠦᠵᠡᠭᠦᠯᠭᠦ ᠬᠤᠨᠢᠨ ᠤ ᠬᠠᠰᠢᠶ᠎ᠠ ᠰᠠᠷᠠᠪᠴᠢ ᠶᠢᠨ ᠪᠠᠷᠢᠯᠭ᠎ᠠ ᠳᠠᠭᠤᠰᠪᠠ᠃ ᠡᠨᠡ ᠪᠣᠯ ᠤᠯᠠᠭᠠᠨᠴᠠᠪ ᠬᠤᠲᠠ ᠶᠢᠨ ᠠᠩᠬᠠᠳᠠᠭᠴᠢ ᠰᠢᠨᠵᠢᠯᠡᠬᠦ ᠤᠬᠠᠭᠠᠨ ᠤ ᠰᠤᠳᠤᠯᠭᠠᠨ᠂ ᠲᠡᠵᠢᠭᠡᠨ ᠦᠷᠡᠵᠢᠭᠦᠯᠬᠦ᠂ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ᠨᠡᠷᠡᠨ ᠤ ᠡᠨᠧᠷᠭᠢ ᠪᠠᠷ ᠴᠠᠭᠢᠯᠭᠠᠨ ᠭᠠᠷᠭᠠᠨ ᠴᠡᠪᠡᠷ ᠡᠨᠧᠷᠭᠢ ᠬᠠᠩᠭᠠᠬᠤ ᠶᠢᠨ ᠬᠠᠮᠲᠤ ᠠᠦ᠋ᠲ᠋ᠣᠴᠢᠯᠠᠭᠰᠠᠨ ᠲᠡᠵᠢᠭᠡᠨ ᠠᠷᠠᠴᠢᠯᠠᠬᠤ ᠰᠢᠰᠲ᠋ᠧᠮ ᠲᠣᠬᠢᠷᠠᠭᠤᠯᠪᠠ᠃ ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 8.3 ᠳ᠋ᠦᠩᠰᠢᠭᠤᠷ ᠲᠥᠭᠦᠷᠢᠭ ᠲᠤ ᠬᠦᠷᠴᠦ᠂ 3 ᠬᠤᠭᠤᠴᠠᠭ᠎ᠠ ᠬᠤᠪᠢᠶᠠᠨ 360 ᠬᠠᠰᠢᠶ᠎ᠠ ᠰᠠᠷᠠᠪᠴᠢ ᠪᠠᠶᠢᠭᠤᠯᠬᠤ ᠪᠠᠷ ᠲᠥᠯᠥᠪᠯᠡᠵᠦ᠂ ᠪᠦᠭᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠮᠢᠬᠠᠨ ᠤ ᠬᠤᠨᠢ ᠶᠢᠨ ᠠᠵᠤ ᠦᠢᠯᠡᠰ ᠤᠨ ᠬᠥᠭᠵᠢᠯᠲᠡ ᠶᠢ ᠶᠡᠭᠡ ᠪᠠᠷ ᠲᠠᠶᠢᠴᠢᠯᠡᠨ ᠵᠢᠯ ᠪᠦᠷᠢ 100 ᠲᠦᠮᠡᠨ ᠮᠢᠬᠠᠨ ᠤ ᠬᠤᠨᠢ ᠭᠠᠷᠭᠠᠵᠤ᠂ ᠪᠦᠭᠦ ᠰᠢᠶᠠᠨ ᠤ ᠡᠪᠡᠰᠦ ᠪᠣᠷᠳᠤᠭ᠎ᠠ ᠳᠠᠷᠢᠬᠤ ᠲᠠᠯᠠᠪᠠᠶ ᠶᠢ 20 ᠲᠦᠮᠡᠨ ᠮᠦ ᠣᠷᠴᠢᠮ ᠳᠠᠶᠢᠴᠢᠯᠠᠨ᠂ ᠡᠷᠭᠢᠨ ᠲᠣᠭᠤᠷᠢᠨ ᠤ ᠭᠠᠴᠠᠭ᠎ᠠ ᠲᠤᠰᠬᠤᠨ ᠤ 2000 ᠭᠠᠷᠤᠢ ᠬᠥᠮᠥᠨ ᠳᠤ ᠠᠵᠢᠯ ᠣᠯᠭᠤᠬᠤ ᠪᠣᠯᠣᠨ᠎ᠠ᠃     ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠤᠨ ᠳᠠᠶᠢᠴᠢᠯᠠᠯᠲᠠ ᠳᠣᠣᠷ᠎ᠠ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠨᠢᠭᠡᠳᠦᠭᠡᠷ ᠠᠵᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 59.8% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 49 ᠬᠤᠪᠢ ᠳᠠᠪᠠᠪᠠ᠃ ᠣᠳᠣᠬᠠᠨ ᠪᠤᠯᠲᠠᠯ᠎ᠠ ᠪᠦᠭᠦ ᠣᠷᠣᠨ ᠳᠤ 25.8 ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠵᠤ᠂ ᠪᠦᠲᠦᠭᠡᠨ ᠪᠠᠶᠢᠭᠤᠯᠬᠤ ᠬᠠᠷᠠᠯᠲᠠ ᠠᠴᠠ 1.8 ᠲᠦᠮᠡᠨ ᠮᠦ ᠳᠠᠪᠠᠭᠤᠯᠤᠨ᠂ ᠪᠦᠭᠦ ᠣᠷᠣᠨ ᠤ ᠲᠥᠬᠦᠭᠡᠷᠦᠮᠵᠢᠲᠦ ᠲᠠᠷᠢᠶᠠᠯᠠᠩ  ᠤᠨ ᠲᠠᠯᠠᠪᠠᠶ 255 ᠲᠦᠮᠡᠨ ᠮᠦ ᠳᠤ ᠬᠦᠷᠴᠡᠢ᠃ ᠲᠦᠩᠯᠢᠶᠣᠣ ᠬᠤᠲᠠ ᠶᠢᠨ ᠺᠠᠶᠢᠯᠤ ᠰᠢᠶᠠᠨ ᠤ ᠳ᠋ᠠ ᠢᠦᠢ ᠱᠦ ᠪᠠᠯᠭᠠᠰᠤ ︽ᠵᠠᠰᠠᠭ ᠤᠨ ᠣᠷᠳᠣᠨ + ᠠᠵᠤ ᠠᠬᠤᠶᠢᠯᠠᠯ︾ ᠤᠨ ᠡᠵᠡᠩᠨᠡᠯᠲᠡ ᠶᠢᠨ ᠵᠠᠭᠪᠤᠷ ᠢ ᠠᠰᠢᠭᠯᠠᠨ ᠲᠥᠬᠦᠭᠡᠷᠦᠮᠵᠢᠲᠦ ᠲᠠᠷᠢᠶᠠᠯᠠᠩ ᠤᠨ ᠪᠠᠭ᠎ᠠ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠢᠯᠴᠢ ᠬᠠᠳᠠᠭᠠᠯᠠᠵᠤ ᠡᠨᠧᠷᠭᠢ ᠠᠷᠪᠢᠯᠠᠬᠤ ᠨᠡᠷᠡᠨ ᠤ ᠡᠨᠧᠷᠭᠢ ᠶᠢᠨ ᠳᠤᠯᠠᠭᠠᠨ ᠬᠦᠯᠡᠮᠵᠢ ᠶᠢ 37 ᠰᠠᠭᠤᠷᠢ ᠪᠠᠶᠢᠭᠤᠯᠵᠤ᠂ ᠭᠤᠣᠯᠳᠠᠭᠤ ᠡᠮᠦᠨᠡᠲᠦ ᠣᠷᠣᠨ ᠤ ᠢᠳᠡᠰᠢᠨ ᠨᠣᠭᠤᠭ᠎ᠠ ᠪᠠ ᠵᠢᠮᠢᠰ᠂ ᠤᠳᠤᠮᠪᠠᠷᠠ ᠵᠢᠮᠢᠰ᠂ ᠢᠳᠡᠭᠡᠨ ᠤ ᠮᠥᠭᠦ ᠵᠡᠷᠭᠡ ᠶᠢ ᠲᠠᠷᠢᠵᠤ ᠵᠠᠬ᠎ᠠ ᠳᠡᠯᠭᠡᠭᠦᠷ ᠲᠤ ᠭᠠᠷᠭᠠᠵᠤ ᠪᠠᠶᠢᠨ᠎ᠠ᠃     ᠡᠨᠡ ᠵᠢᠯ ᠠᠴᠠ ᠮᠠᠨ ᠤ ᠣᠷᠣᠨ ᠠᠯᠢ ᠣᠯᠠᠨ ᠠᠷᠭ᠎ᠠ ᠬᠡᠮᠵᠢᠶ᠎ᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠡᠯ᠎ᠡ ᠲᠥᠷᠥᠯ ᠤᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢ ᠳᠡᠮᠵᠢᠪᠡ᠃ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠮᠥᠴᠢᠷ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠬᠠᠮᠵᠢᠯᠴᠠᠨ ︽ᠰᠦ ᠶᠢᠨ ᠦᠢᠯᠡᠰ ᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠬᠦᠴᠢᠷᠳᠡᠯ ᠢ ᠰᠢᠢᠳᠪᠦᠷᠢᠯᠡᠬᠦ ᠮᠥᠩᠭᠦᠨ ᠭᠦᠢᠯᠭᠡᠭᠡᠨ ᠤ 8 ᠵᠤᠷᠪᠤᠰ︾ ᠤᠨ ᠪᠣᠳᠠᠲᠠᠢ ᠠᠷᠭ᠎ᠠ ᠬᠡᠮᠵᠢᠶ᠎ᠡ ᠶᠢ ᠨᠡᠶᠢᠲᠡᠯᠡᠵᠦ᠂ 192 ᠲᠡᠵᠢᠭᠡᠨ ᠦᠷᠡᠵᠢᠭᠦᠯᠬᠦ ᠲᠠᠯᠠᠪᠠᠶ ᠳᠤ ᠨᠡᠶᠢᠳᠡ 36.4 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠵᠢᠭᠡᠯᠡᠯᠭᠡ ᠬᠠᠩᠭᠠᠵᠠᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠵᠡᠷᠭᠡ ᠲᠥᠷᠥᠯ ᠵᠦᠢᠯ ᠳᠤ ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠪᠡᠯᠡ ᠮᠥᠩᠭᠦ ᠶᠢ 20 ᠳ᠋ᠦᠩᠰᠢᠭᠤᠷ ᠭᠠᠷᠤᠢ ᠲᠥᠭᠦᠷᠢᠭ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠡ᠃ ᠪᠦᠭᠦ ᠵᠢᠯ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ᠂ ᠰᠦ ᠶᠢᠨ ᠦᠢᠯᠡᠰ᠂ ᠬᠥᠮᠥᠷᠭᠡᠯᠡᠨ ᠪᠤᠯᠪᠠᠰᠤᠷᠠᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠲᠥᠷᠥᠯ ᠵᠦᠢᠯ ᠳᠤ 310.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠲᠦᠷᠦᠭᠦᠦ 10 ᠰᠠᠷ᠎ᠠ ᠳᠤ ᠨᠢᠭᠡᠨᠲᠡ 285.8 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃     ᠡᠨᠡ ᠵᠢᠯ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠡᠷᠳᠡᠨᠢ ᠰᠢᠰᠢ ᠪᠠ ᠰᠢᠷ᠎ᠠ ᠪᠤᠷᠴᠠᠭ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠪᠡᠯᠴᠢᠭᠡᠷ ᠤᠨ ᠮᠠᠯ ᠠᠵᠤ ᠠᠬᠤᠢ  ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠢ ᠪᠠᠶᠢᠭᠤᠯᠬᠤ ᠵᠡᠷᠭᠡ ᠤᠯᠤᠰ ᠤᠨ 7 ᠵᠦᠢᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠣᠯᠵᠤ᠂ ᠡᠯ᠎ᠡ ᠲᠥᠷᠥᠯ  ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠯ ᠵᠣᠷᠢᠭ ᠢ ᠤᠯᠠᠮ ᠬᠥᠪᠴᠢᠯᠡᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号