ᠣᠶᠢᠷ᠎ᠠ ᠳᠤ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠨᠡᠶᠢᠲᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠪᠡᠯ᠂ 2024 ᠣᠨ ᠤ 11 ᠰᠠᠷ᠎ᠠ ᠶᠢᠨ ᠰᠡᠭᠦᠯᠴᠢ ᠪᠤᠯᠲᠠᠯ᠎ᠠ᠂ ᠮᠠᠨ | ᠤ ᠣᠷᠣᠨ ᠤ ᠠᠵᠤ ᠠᠬᠤᠶᠢᠯᠠᠯ 70.1 ᠲᠦᠮᠡᠨ ᠡᠷᠦᠭᠡ ᠪᠣᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ 7.04 % ᠪᠠᠷ ᠨᠡᠮᠡᠭᠳᠡᠵᠡᠢ᠃ | ᠡᠭᠦᠨ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠵᠢᠴᠢ ᠬᠤᠪᠢ ᠡᠵᠡᠮᠳᠡᠭᠰᠡᠨ ᠠᠵᠤ | ᠠᠬᠤᠶᠢᠯᠠᠯ 7.38 ᠲᠦᠮᠡᠨ ᠡᠷᠦᠭᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ 62.38 ᠲᠦᠮᠡᠨ ᠡᠷᠦᠭᠡ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 3376 ᠡᠷᠦᠭᠡ ᠪᠠᠶᠢᠵᠤ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.8%᠂ 6.85%᠂ 3.27% ᠪᠠᠷ ᠨᠡᠮᠡᠭᠳᠡᠪᠡ᠃ | 1 ︱ 11ᠰᠠᠷ᠎ᠠ ᠳᠤ ᠪᠦᠭᠦ ᠣᠷᠣᠨ ᠳᠤ ᠨᠡᠶᠢᠲᠡ 9.73 ᠲᠦᠮᠡᠨ ᠠᠵᠤ ᠠᠬᠤᠶᠢᠯᠠᠯ ᠢ ᠰᠢᠨ᠎ᠡ ᠪᠠᠷ | ᠪᠠᠶᠢᠭᠤᠯᠪᠠ᠃ ᠡᠭᠦᠨ ᠳᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠵᠢᠴᠢ ᠬᠤᠪᠢ ᠡᠵᠡᠮᠳᠡᠭᠰᠡᠨ | ᠠᠵᠤ ᠠᠬᠤᠶᠢᠯᠠᠯ ᠢ 0.96 ᠲᠦᠮᠡᠨ ᠡᠷᠦᠭᠡ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ 8.75 ᠲᠦᠮᠡᠨ | ᠡᠷᠦᠭᠡ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 206 ᠡᠷᠦᠭᠡ | ᠰᠢᠨ᠎ᠡ ᠪᠠᠷ ᠪᠠᠶᠢᠭᠤᠯᠪᠠ᠃ | ᠠᠵᠢᠯ ᠲᠥᠷᠥᠯ ᠤᠨ ᠪᠦᠲᠦᠴᠡ ᠠᠴᠠ ᠦᠵᠡᠪᠡᠯ᠂ ︽ᠪᠥᠭᠡᠮ ᠢᠶᠠᠷ ᠪᠣᠷᠣᠯᠠᠭᠤᠯᠬᠤ ᠪᠠ ᠵᠢᠵᠢᠭᠯᠡᠨ | ᠪᠣᠷᠣᠯᠠᠭᠤᠯᠬᠤ ᠦᠢᠯᠡᠰ︾᠂ ︽ᠪᠠᠷᠢᠯᠭ᠎ᠠ ᠶᠢᠨ ᠦᠢᠯᠡᠰ︾᠂ ︽ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ | ᠦᠢᠯᠡᠴᠢᠯᠡᠭᠡᠨ ᠤ ᠦᠢᠯᠡᠰ︾ ᠪᠣᠯ ᠮᠠᠨ ᠤ ᠣᠷᠣᠨ ᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠲᠠᠷᠬᠠᠯᠲᠠ | ᠨᠡᠯᠢᠶᠡᠳ ᠲᠥᠪᠯᠡᠷᠡᠭᠰᠡᠨ ᠠᠵᠢᠯ ᠲᠥᠷᠥᠯ ᠪᠠᠶᠢᠵᠤ᠂ ᠲᠣᠰ ᠲᠣᠰ 32.48%᠂12.71%᠂10.82% ᠢ | ᠡᠵᠡᠯᠡᠵᠦ ᠪᠤᠶ᠃ ᠠᠵᠤ ᠠᠬᠤᠶᠢᠯᠠᠯ ᠤᠨ ᠪᠣᠳᠠᠲᠠᠢ ᠪᠠᠶᠢᠭ᠎ᠠ ᠬᠡᠮᠵᠢᠶ᠎ᠡ ᠨᠢ ᠲᠦᠮᠡᠨ ᠡᠷᠦᠭᠡ ᠠᠴᠠ ᠳᠡᠭᠡᠭᠰᠢᠬᠢ ᠠᠵᠢᠯ | ᠲᠥᠷᠥᠯ ᠤᠨ ᠳᠣᠲᠣᠷᠠᠬᠢ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾᠂ ︽ᠰᠠᠭᠤᠭᠠᠯᠢ ᠠᠷᠠᠳ ᠤᠨ | ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ︾᠂︽ᠪᠠᠷᠢᠯᠭ᠎ᠠ ᠶᠢᠨ ᠦᠢᠯᠡᠰ︾᠂ | ︽ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ︾᠂ ︽ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ︾ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ | ᠬᠢ ᠠᠴᠠ ᠲᠣᠰ ᠲᠣᠰ 13.2%᠂ 12.5%᠂ 11.7%᠂ 8.07%᠂ 7.42% ᠢᠶᠠᠷ ᠨᠡᠮᠡᠭᠳᠡᠵᠡᠢ᠃ | | |