ᠡᠨᠡ ᠪᠣᠯ ᠮᠠᠨ ᠤ ᠤᠯᠤᠰ ᠤᠨ ᠴᠥᠭᠡᠨ ᠲᠣᠬᠢᠶᠠᠯᠳᠤᠬᠤ ᠡᠪᠡᠳᠴᠢᠲᠡᠨ ᠤ ︽ᠡᠮ ᠤᠨ ᠬᠠᠶᠢᠷᠴᠠᠭ︾ ᠲᠤ | ᠬᠠᠨᠳᠤᠭᠤᠯᠤᠭᠰᠠᠨ ᠨᠢᠭᠡ ᠤᠳᠠᠭᠠᠨ ᠤ ᠪᠦᠭᠦ ᠲᠠᠯ᠎ᠠ ᠶᠢᠨ ᠲᠡᠰ ᠲᠡᠪᠰᠢᠯᠲᠡ ᠪᠣᠯᠣᠨ᠎ᠠ - | ᠣᠶᠢᠷ᠎ᠠ ᠳᠤ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ | ᠨᠡᠶᠢᠲᠡᠯᠡᠭᠰᠡᠨ ᠰᠢᠨ᠎ᠡ ᠬᠡᠪᠯᠡᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ | ᠭᠠᠷᠴᠠᠭ ᠲᠤ 91 ᠵᠦᠢᠯ ᠤᠨ ᠡᠮ ᠢ ᠰᠢᠨ᠎ᠡ ᠪᠠᠷ ᠨᠡᠮᠡᠵᠦ ᠣᠷᠣᠭᠤᠯᠪᠠ᠂ ᠡᠭᠦᠨ ᠳᠤ ᠵᠤᠵᠠᠭᠠᠷᠠᠬᠤ ᠭᠡᠯᠪᠡᠷᠢ ᠶᠢᠨ | ᠵᠢᠷᠦᠬᠡᠨ ᠤ ᠪᠤᠯᠴᠢᠩ ᠤᠨ ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠬᠦ ᠮᠠᠸᠠᠺᠠᠮᠲ᠋ᠧᠨ ᠬᠤᠮᠵᠢᠶ᠎ᠠ ᠵᠡᠷᠭᠡ 13 | ᠵᠦᠢᠯ ᠤᠨ ᠴᠥᠭᠡᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ ᠪᠠᠭᠲᠠᠭᠠᠨ᠎ᠠ᠃ ᠣᠲᠣ ᠪᠤᠯᠲᠠᠯ᠎ᠠ᠂ 90 ᠭᠠᠷᠤᠢ | ᠵᠦᠢᠯ ᠤᠨ ᠴᠥᠭᠡᠨ ᠲᠣᠬᠢᠶᠠᠯᠳᠤᠬᠤ ᠡᠪᠡᠳᠴᠢᠨ ᠢ ᠡᠮᠨᠡᠨ ᠵᠠᠰᠠᠬᠤ ᠡᠮ ᠤᠨ ᠵᠦᠢᠯ ᠢ ᠨᠢᠭᠡᠨᠲᠡ ᠤᠯᠤᠰ ᠤᠨ ᠡᠮ | ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠭᠤᠯᠪᠠ᠃ | ᠴᠥᠭᠡᠨ ᠲᠣᠬᠢᠶᠠᠯᠳᠤᠬᠤ ᠡᠪᠡᠳᠴᠢᠨ ᠨᠢ ᠡᠪᠡᠳᠴᠢᠨ ᠡᠭᠦᠰᠬᠦ ᠨᠤᠷᠮ᠎ᠠ ᠲᠤᠶᠢᠯ ᠤᠨ ᠳᠣᠣᠷ᠎ᠠ᠂ ᠬᠢᠵᠠᠭᠠᠷ ᠲᠠᠢ | ᠡᠪᠡᠳᠴᠢᠲᠡᠨ ᠤ ᠲᠤᠭ᠎ᠠ᠂ ᠡᠮ ᠤᠨ ᠵᠦᠢᠯ ᠰᠤᠳᠤᠯᠤᠨ ᠨᠡᠭᠡᠭᠡᠬᠦ ᠥᠨᠳᠥᠷ ᠥᠪᠡᠷ ᠤᠨ ᠦᠷᠳᠡᠭ ᠲᠠᠢ ᠤᠴᠢᠷ ᠠᠴᠠ | ᠨᠡᠯᠢᠶᠡᠳ ᠤᠷᠳᠤ ᠬᠤᠭᠤᠴᠠᠭᠠᠨ ᠳᠠᠬᠢ ᠡᠮᠴᠢᠯᠡᠭᠡᠨ ᠤ ᠬᠦᠷᠢᠶᠡᠨ ᠤ ︽ᠮᠠᠷᠲᠠᠭᠳᠠᠭᠰᠠᠨ ᠥᠨᠴᠥᠭ ᠪᠤᠯᠤᠩ︾ | ᠪᠣᠯᠤᠭᠰᠠᠨ ᠪᠠᠶᠢᠨ᠎ᠠ᠃ | ᠴᠥᠭᠡᠨ ᠲᠣᠬᠢᠶᠠᠯᠳᠤᠬᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠠᠶᠢᠷ᠎ᠠ ᠬᠠᠯᠠᠮᠵᠢ ᠠᠴᠠ ᠰᠠᠯᠵᠤ ᠪᠤᠯᠬᠤ | ᠦᠭᠡᠢ᠃ ᠣᠯᠠᠨ ᠰᠠᠯᠠᠭ᠎ᠠ ᠮᠥᠴᠢᠷ ᠤᠨ ᠴᠢᠷᠮᠠᠶᠢᠯᠭ᠎ᠠ ᠳᠣᠣᠷ᠎ᠠ᠂ ᠮᠠᠨ ᠤ ᠤᠯᠤᠰ ᠴᠥᠭᠡᠨ ᠲᠣᠬᠢᠶᠠᠯᠳᠤᠬᠤ | ᠡᠪᠡᠳᠴᠢᠨ ᠢ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠷᠭ᠎ᠠ ᠵᠠᠮ ᠢ ᠲᠦᠷᠭᠡᠳᠬᠡᠨ ᠪᠠᠶᠢᠭᠤᠯᠵᠤ᠂ ᠡᠪᠡᠳᠴᠢᠲᠡᠨ ᠳᠤ | ᠠᠮᠢ ᠨᠠᠰᠤᠨ ᠤ ᠬᠥᠭᠦᠷᠭᠡ ᠪᠠᠶᠢᠭᠤᠯᠤᠨ ᠥᠭᠴᠦ᠂ ᠡᠮ ᠬᠡᠷᠡᠭᠯᠡᠬᠦ ᠪᠣᠯᠣᠮᠵᠢᠲᠤ ᠴᠢᠨᠠᠷ ᠪᠠ ᠡᠭᠦᠷᠭᠡᠯᠡᠵᠦ ᠪᠣᠯᠬᠤᠶᠢᠴᠠ | ᠴᠢᠨᠠᠷ ᠤᠨ ᠲᠠᠯ᠎ᠠ ᠪᠠᠷ ︽0 ᠠᠴᠠ 1 ᠬᠦᠷᠬᠦ︾ ᠰᠢᠪᠲᠤᠯᠤᠯᠲᠠ ᠶᠢ ᠲᠠᠰᠤᠷᠠᠯᠲᠠ ᠦᠭᠡᠢ ᠪᠡᠶᠡᠯᠡᠭᠦᠯᠪᠡ᠃ | ᠡᠨᠡ ᠵᠢᠯ ᠤᠨ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠤᠨ | ᠬᠡᠯᠡᠯᠴᠡᠭᠡ ᠳᠤ᠂ ᠵᠠᠰᠠᠬᠤᠶ᠎ᠠ ᠪᠡᠷᠬᠡ ᠴᠢᠨᠠᠷᠲᠠᠢ ᠤᠨᠠᠳᠠᠭ ᠡᠪᠡᠳᠴᠢᠨ ᠲᠠᠢ ᠲᠦᠮᠡ ᠭᠠᠷᠤᠢ ᠬᠡᠦᠬᠡᠳ ᠤᠨ ︽ᠠᠮᠢ | ᠠᠪᠤᠷᠠᠬᠤ ᠡᠮ︾ ᠪᠤᠯᠬᠤ ᠾᠯᠣᠷᠪᠠᠵᠠᠨ ᠢ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠪᠠ᠃ ᠡᠮ ᠲᠠᠩ ᠤᠨ ᠦᠨ᠎ᠡ | ᠬᠠᠩᠰᠢ ᠳᠤ ᠬᠡᠳᠦᠬᠡᠨ ᠵᠢᠶᠣᠣ ᠶᠢᠨ ᠪᠠᠭ᠎ᠠ ᠰᠠᠭ᠎ᠠ ᠲᠣᠬᠢᠷᠠᠭᠤᠯᠤᠯᠲᠠ ᠬᠢᠭᠰᠡᠨ ᠨᠢ ᠡᠪᠡᠳᠴᠢᠲᠡᠨ ᠤ ᠭᠡᠷ ᠪᠦᠯᠢ ᠳᠤ | ᠦᠨᠡᠨ ᠪᠣᠳᠠᠲᠠᠢ ᠬᠦᠰᠡᠯ ᠡᠷᠡᠮᠡᠯᠵᠡᠯ ᠢ ᠣᠯᠭᠤᠪᠠ᠃ | ᠵᠠᠰᠠᠬᠤᠶ᠎ᠠ ᠪᠡᠷᠬᠡ ᠴᠢᠨᠠᠷᠲᠠᠢ ᠤᠨᠠᠳᠠᠭ ᠡᠪᠡᠳᠴᠢᠨ ᠨᠢ ︽ᠡᠳᠡᠭᠡᠷᠡᠬᠦ ᠨᠤᠷᠮ᠎ᠠ ᠨᠢ ᠳᠣᠣᠷ᠎ᠠ᠂ ᠵᠡᠮᠳᠡᠭ ᠪᠤᠯᠬᠤ | ᠨᠤᠷᠮ᠎ᠠ ᠨᠢ ᠥᠨᠳᠥᠷ᠂ ᠦᠬᠦᠬᠦ ᠨᠤᠷᠮ᠎ᠠ ᠨᠢ ᠥᠨᠳᠥᠷ︾ ᠣᠨᠴᠠᠯᠢᠭ ᠲᠠᠢ᠃ ᠬᠤᠯᠪᠣᠭᠳᠠᠯ ᠪᠦᠬᠦᠢ ᠪᠦᠷᠢᠳᠬᠡᠯ ᠢ | ᠦᠨᠳᠦᠰᠦᠯᠡᠪᠡᠯ᠂ ᠤᠯᠤᠰ ᠤᠨ ᠳᠣᠲᠣᠭᠠᠳᠤ ᠶᠢᠨ ᠵᠠᠰᠠᠬᠤᠶ᠎ᠠ ᠪᠡᠷᠬᠡ ᠴᠢᠨᠠᠷᠲᠠᠢ ᠤᠨᠠᠳᠠᠭ ᠡᠪᠡᠳᠴᠢᠨ ᠲᠠᠢ ᠪᠥᠭᠡᠳ | ᠡᠪᠡᠳᠴᠢᠨ ᠤ ᠢᠯᠡᠷᠡᠯ ᠨᠢ ᠦᠷᠭᠦᠯᠵᠢᠯᠡᠭᠰᠡᠨ ᠬᠡᠦᠬᠡᠳ ᠤᠨ ᠦᠬᠦᠬᠦ ᠨᠤᠷᠮ᠎ᠠ ᠨᠢ 20% ᠠᠴᠠ ᠳᠡᠭᠡᠭᠰᠢ ᠪᠠᠶᠢᠳᠠᠭ᠃ | | ᠡᠪᠡᠳᠴᠢᠲᠡᠨ ᠤ ᠭᠡᠷ ᠤᠨ ᠬᠥᠮᠥᠰ ᠠᠴᠠ ᠰᠤᠷᠪᠤᠯᠵᠢᠯᠠᠬᠴᠢ ᠳᠤ᠂ ᠬᠡᠦᠬᠡᠳ ᠡᠪᠡᠳᠴᠢᠨ ᠤ ᠢᠯᠡᠷᠡᠯ ᠲᠠᠢ | ᠦᠶ᠎ᠡ ᠳᠤ᠂ ︽ᠵᠠᠷᠢᠮ ᠳᠠᠭᠠᠨ ᠨᠢᠭᠡ ᠡᠳᠦᠷ ᠳᠠᠯ᠎ᠠ ᠨᠠᠶᠠ ᠤᠳᠠᠭ᠎ᠠ ᠲᠠᠲᠠᠪᠠᠯᠵᠠᠵᠤ᠂ ᠡᠪᠡᠳᠴᠢᠨ ᠨᠢ ᠢᠯᠡᠷᠡᠬᠦ ᠪᠦᠷᠢ | ᠶᠠᠭ ᠦᠬᠦᠵᠦ ᠰᠡᠭᠡᠭᠦ ᠶᠢᠨ ᠵᠠᠩᠭᠢᠯᠠᠭ᠎ᠠ ᠶᠢᠨ ᠦᠶ᠎ᠡ ᠳᠤ ᠡᠷᠭᠢᠴᠡᠵᠦ ᠪᠠᠶᠢᠬᠤ ᠰᠢᠭ᠋ ᠶᠤᠮ︾ ᠭᠡᠵᠡᠢ᠃ | ᠣᠷᠳᠣ ᠬᠤᠭᠤᠴᠠᠭᠠᠨ ᠤ ᠲᠤᠷᠰᠢ᠂ ᠴᠥᠭᠡᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠪᠠ | ᠬᠤᠶᠠᠳᠤᠭᠠᠷ ᠲᠥᠷᠥᠯ ᠤᠨ ᠮᠡᠳᠡᠷᠡᠯ ᠤᠨ ᠡᠮ ᠤᠨ ᠬᠤᠶᠠᠳᠠᠮᠠᠯ ᠰᠢᠨᠵᠢ ᠴᠢᠨᠠᠷ ᠢ ᠬᠤᠣᠰᠯᠠᠭᠤᠯᠤᠭᠰᠠᠨ ᠪᠣᠯᠬᠤᠷ | ᠬᠠᠮᠢᠶᠠᠷᠤᠨ ᠡᠵᠡᠮᠳᠡᠬᠦ ᠨᠢ ᠴᠢᠩᠭ᠎ᠠ᠂ ᠵᠠᠬ᠎ᠠ ᠳᠡᠯᠭᠡᠭᠦᠷ ᠤᠨ ᠬᠡᠪᠴᠢᠶ᠎ᠡ ᠨᠢ ᠬᠢᠵᠠᠭᠠᠷ ᠲᠠᠢ ᠪᠠᠶᠢᠵᠤ᠂ ᠡᠾᠯᠦᠷᠪᠠᠵᠠᠨ ᠢ | ᠤᠯᠤᠰ ᠤᠨ ᠳᠣᠲᠣᠭᠠᠳᠤ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠢᠨᠠᠨ ᠵᠥᠪᠰᠢᠶᠡᠷᠡᠵᠦ ᠳᠡᠶᠢᠯᠦᠭᠡ ᠦᠭᠡᠢ | ᠤᠴᠢᠷ ᠠᠴᠠ ᠡᠪᠡᠳᠴᠢᠲᠡᠨ ᠶᠡᠷᠦ ᠨᠢ ᠭᠠᠳᠠᠭᠠᠳᠤ ᠠᠴᠠ ︽ᠠᠮᠢ ᠠᠪᠤᠷᠠᠬᠤ ᠡᠮ︾ ᠢ ᠣᠷᠣᠯᠠᠨ ᠬᠤᠳᠠᠯᠳᠤᠨ ᠠᠪᠲᠠᠭ᠃ | | 2020 ᠣᠨ ᠳᠤ᠂ ᠭᠠᠳᠠᠭᠠᠳᠤ ᠠᠴᠠ ᠾᠯᠣᠷᠪᠠᠵᠠᠨ ᠢ ᠣᠷᠣᠯᠠᠨ ᠬᠤᠳᠠᠯᠳᠤᠨ ᠠᠪᠬᠤ ᠳᠤ | ᠬᠤᠯᠪᠣᠭᠳᠠᠭᠰᠠᠨ ᠮᠠᠷᠭᠤᠯᠳᠤᠭᠠᠨ ᠣᠯᠠᠨ ᠤ ᠠᠩᠬᠠᠷᠤᠯ ᠳᠤ ᠬᠦᠷᠴᠡᠢ᠃ ᠡᠭᠦᠨ ᠤ ᠳᠠᠷᠠᠭ᠎ᠠ ᠪᠠᠷ᠂ ᠮᠠᠰᠢ ᠣᠯᠠᠨ | ᠴᠥᠭᠡᠨ ᠲᠣᠬᠢᠶᠠᠯᠳᠤᠬᠤ ᠤᠨᠠᠳᠠᠭ ᠡᠪᠡᠳᠴᠢᠨ ᠲᠠᠢ ᠬᠡᠦᠬᠡᠳ ᠤᠨ ᠭᠡᠷ ᠪᠦᠯᠢ ᠶᠢᠨ ᠬᠢᠨ ᠬᠠᠮᠲᠤᠷᠠᠨ ᠲᠤᠰᠠᠯᠠᠮᠵᠢ | ᠭᠤᠶᠤᠴᠢᠯᠠᠬᠤ ᠵᠠᠬᠢᠳᠠᠯ ᠢᠯᠡᠭᠡᠵᠦ᠂ ᠡᠾᠯᠤᠷᠪᠠᠵᠠᠨ ᠢ ᠭᠠᠳᠠᠭᠠᠳᠤ ᠠᠴᠠ ᠣᠷᠣᠭᠤᠯᠬᠤ ᠪᠠ ᠬᠡᠷᠡᠭᠯᠡᠬᠦ ᠠᠰᠠᠭᠤᠳᠠᠯ ᠳᠤ | ᠠᠩᠬᠠᠷᠤᠯ ᠢᠶᠠᠨ ᠬᠠᠨᠳᠤᠭᠤᠯᠬᠤ ᠶᠢ ᠤᠷᠢᠶᠠᠯᠠᠪᠠ᠃ | ᠡᠮ ᠲᠠᠩ᠂ ᠨᠡᠩ ᠴᠤ ᠠᠷᠠᠳ ᠤᠨ ᠠᠮᠢᠳᠤᠷᠠᠯ᠃ | 2022 ᠣᠨ ᠤ 6 ᠰᠠᠷ᠎ᠠ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠡᠮᠴᠢᠯᠡᠭᠡᠨ ᠤ ᠪᠠᠴᠢᠮ | ᠬᠡᠷᠡᠭᠴᠡᠭᠡᠨ ᠤ ᠡᠮ ᠤᠨ ᠵᠦᠢᠯ ᠢ ᠲᠦᠷ ᠴᠠᠭ ᠭᠠᠳᠠᠭᠠᠳᠤ ᠠᠴᠠ ᠣᠷᠣᠭᠤᠯᠬᠤ ᠠᠵᠢᠯ ᠤᠨ ᠲᠥᠰᠥᠯ︾ ᠪᠠ | ︽ᠾᠯᠣᠷᠪᠠᠵᠠᠨ ᠢ ᠲᠦᠷ ᠴᠠᠭ ᠭᠠᠳᠠᠭᠠᠳᠤ ᠠᠴᠠ ᠣᠷᠣᠭᠤᠯᠬᠤ ᠠᠵᠢᠯ ᠤᠨ ᠲᠥᠰᠥᠯ︾ ᠢ ᠨᠡᠶᠢᠲᠡᠯᠡᠵᠦ᠂ ᠤᠷᠢᠳ ᠢᠶᠠᠷ | ᠲᠦᠷ ᠴᠠᠭ ᠭᠠᠳᠠᠭᠠᠳᠤ ᠠᠴᠠ ᠣᠷᠣᠭᠤᠯᠬᠤ ᠠᠷᠭ᠎ᠠ ᠭᠡᠯᠪᠡᠷᠢ ᠶᠢ ᠬᠡᠷᠡᠭᠯᠡᠨ᠂ ᠡᠪᠡᠳᠴᠢᠲᠡᠨ ᠤ ︽ᠬᠡᠷᠡᠭᠯᠡᠬᠦ ᠡᠮ ᠦᠭᠡᠢ | ᠪᠤᠯᠬᠤ︾ ᠬᠦᠴᠢᠷᠳᠡᠯ ᠢ ᠨᠠᠮᠳᠠᠭᠠᠬᠤ ᠶᠢᠨ ᠬᠠᠮᠲᠤ ᠾᠯᠣᠷᠪᠠᠵᠠᠨ ᠡᠮ ᠤᠨ ᠵᠦᠢᠯ ᠢ ᠤᠯᠤᠰ ᠲᠠᠭᠠᠨ | ᠦᠢᠯᠡᠳᠪᠦᠷᠢᠯᠡᠬᠦ ᠶᠢ ᠳᠡᠮᠵᠢᠪᠡ᠃ | 2022 ᠣᠨ ᠳᠤ ᠤᠯᠤᠰ ᠤᠨ ᠳᠣᠲᠣᠭᠠᠳᠤ ᠳᠤ ᠦᠢᠯᠡᠳᠪᠦᠷᠢᠯᠡᠭᠰᠡᠨ ᠾᠯᠣᠷᠪᠠᠵᠠᠨ ᠢ ᠵᠠᠬ᠎ᠠ ᠳᠡᠯᠭᠡᠭᠦᠷ ᠲᠤ | ᠭᠠᠷᠭᠠᠬᠤ ᠶᠢ ᠵᠥᠪᠰᠢᠶᠡᠷᠡᠵᠦ᠂ 2024 ᠣᠨ ᠳᠤ ᠡᠮ ᠡᠮᠨᠡᠯᠭᠡ ᠶᠢᠨ ᠳᠠᠭᠠᠳᠬᠠᠯ ᠳᠤ ᠣᠷᠣᠭᠰᠠᠨ ᠢᠶᠠᠷ ᠡᠨᠡ ᠬᠦ | ᠵᠢᠵᠢᠭᠬᠡᠨ ᠦᠷᠢᠯ ᠡᠮ ᠨᠢ ᠡᠪᠡᠳᠴᠢᠲᠡᠨ ᠳᠤ ᠠᠮᠢ ᠨᠠᠰᠤᠨ ᠤ ᠬᠦᠰᠡᠯ ᠢ ᠣᠯᠭᠤᠭᠰᠠᠨ ᠪᠠᠶᠢᠨ᠎ᠠ᠃ | ᠡᠭᠦᠨ ᠲᠠᠢ ᠠᠳᠠᠯᠢ ᠪᠠᠷ᠂ ᠲᠠᠰᠤᠯᠳᠠᠩᠭᠤᠢ ᠴᠢᠨᠠᠷᠲᠠᠢ ᠤᠨᠲᠠᠩᠬᠠᠢ ᠴᠢᠨᠠᠷᠲᠠᠢ ᠴᠢᠰᠤᠨ ᠤ ᠤᠯᠠᠭᠠᠨ | ᠤᠭᠤᠷᠠᠭᠲᠤ ᠰᠢᠭᠡᠰᠦᠨ ᠭᠡᠮ ︵PNH︶ ᠤᠨ ᠡᠪᠡᠳᠴᠢᠲᠡᠨ ᠳᠤ ᠬᠡᠷᠡᠭᠯᠡᠬᠦ ᠡᠮ ᠨᠢ ᠮᠥᠨ ᠴᠦ ᠡᠨᠡ ᠵᠢᠯ ᠤᠨ | ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠬᠦ ᠦᠶ᠎ᠡ | ᠶᠢᠨ ᠬᠠᠯᠠᠮᠰᠢᠯ ᠠᠰᠠᠭᠤᠳᠠᠯ ᠪᠣᠯᠵᠠᠢ᠃ PNH ᠪᠣᠯ ᠨᠢᠭᠡ ᠵᠦᠢᠯ ᠤᠨ ᠲᠤᠶᠢᠯ ᠤᠨ ᠴᠥᠭᠡᠨ ᠲᠣᠬᠢᠶᠠᠯᠳᠤᠬᠤ | ᠲᠥᠷᠥᠯᠬᠢ ᠪᠤᠰᠤ ᠴᠢᠰᠤ ᠠᠭᠤᠰᠬᠤ ᠴᠢᠨᠠᠷᠲᠠᠢ ᠡᠪᠡᠳᠴᠢᠨ ᠪᠠᠶᠢᠵᠤ᠂ ᠭᠤᠣᠯᠳᠠᠭᠤ ᠴᠢᠰᠤᠨ ᠰᠤᠳᠠᠯ ᠤᠨ ᠳᠣᠲᠣᠷ᠎ᠠ | ᠴᠢᠰᠤ ᠠᠭᠤᠰᠬᠤ᠂ ᠴᠢᠮᠦᠭᠡᠨ ᠤ ᠴᠢᠰᠤ ᠪᠦᠲᠦᠭᠡᠬᠦ ᠴᠢᠳᠠᠪᠤᠷᠢ ᠳᠣᠷᠣᠶᠢᠲᠠᠬᠤ ᠪᠠ ᠳᠠᠭᠢᠨ ᠳᠠᠪᠲᠠᠨ ᠴᠢᠰᠤᠨ | ᠪᠦᠯᠦᠩᠨᠡᠯ ᠪᠦᠷᠢᠯᠳᠦᠵᠦ᠂ ᠡᠪᠡᠳᠴᠢᠲᠡᠨ ᠤ ᠠᠮᠢ ᠨᠠᠰᠤ ᠬᠦᠨᠳᠦ ᠨᠣᠴᠢᠲᠠᠢ ᠰᠦᠷᠳᠡᠭᠦᠯᠦᠯ ᠳᠤ ᠤᠴᠠᠷᠠᠬᠤ | ᠡᠪᠡᠳᠴᠢᠨ ᠤ ᠢᠯᠡᠷᠡᠯ ᠲᠠᠢ ᠪᠠᠶᠢᠳᠠᠭ᠃ | 2021 ᠣᠨ ᠤ 3 ᠰᠠᠷ᠎ᠠ ᠳᠤ᠂ PNH ᠳᠤ ᠨᠡᠷᠪᠡᠭᠳᠡᠭᠰᠡᠨ ᠨᠢᠭᠡᠨ ᠡᠪᠡᠳᠴᠢᠲᠡᠨ ᠤ ᠡᠮ ᠨᠢ ᠲᠠᠰᠤᠯᠳᠠᠵᠤ᠂ | ᠳᠡᠷᠡ ᠪᠠᠷ ᠬᠦᠰᠡᠯ ᠡᠪᠦᠷᠯᠡᠨ ᠳᠤᠮᠳᠠᠳᠤ ᠤᠯᠤᠰ ᠤᠨ ᠬᠤᠪᠣᠷ ᠲᠣᠬᠢᠶᠠᠯᠳᠤᠬᠤ ᠡᠪᠡᠳᠴᠢᠨ ᠤ ᠬᠤᠯᠪᠤᠭ᠎ᠠ ᠠᠴᠠ | ᠲᠤᠰᠠᠯᠠᠮᠵᠢ ᠭᠤᠶᠤᠴᠢᠯᠠᠪᠠ᠃ ᠳᠤᠮᠳᠠᠳᠤ ᠤᠯᠤᠰ ᠤᠨ ᠬᠤᠪᠣᠷ ᠲᠣᠬᠢᠶᠠᠯᠳᠤᠬᠤ ᠡᠪᠡᠳᠴᠢᠨ ᠤ ᠬᠤᠯᠪᠤᠭ᠎ᠠ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ᠂ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠢᠴᠢ ᠡᠮ ᠤᠨ ᠵᠦᠢᠯ ᠤᠨ ᠠᠵᠤ ᠠᠬᠤᠶᠢᠯᠠᠯ ᠲᠠᠢ ᠬᠠᠮᠲᠤᠷᠠᠨ ︽ᠥᠷᠥ ᠡᠪᠡᠳᠬᠦ ᠡᠮ ᠤᠨ ᠬᠡᠷᠡᠭᠯᠡᠭᠡ︾ | ᠬᠠᠶᠢᠷ᠎ᠠ ᠬᠠᠯᠠᠮᠵᠢ ᠶᠢᠨ ᠠᠶᠠᠨ ᠢᠶᠠᠨ ᠡᠬᠢᠯᠡᠭᠦᠯᠪᠡ᠃ 80 ᠭᠠᠷᠤᠢ ᠡᠳᠦᠷ ᠤᠨ ᠳᠠᠷᠠᠭ᠎ᠠ᠂ ᠰᠸᠢᠰ ᠠᠴᠠ | ᠣᠷᠣᠭᠤᠯᠤᠭᠰᠠᠨ ᠰᠢᠨ᠎ᠡ ᠡᠮ ᠢ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠳᠤ ᠠᠮᠵᠢᠯᠲᠠ ᠲᠠᠢ | ᠠᠪᠴᠢᠷᠠᠵᠤ᠂ ᠡᠪᠡᠳᠴᠢᠲᠡᠨ ᠢ ᠡᠮᠨᠡᠨ ᠵᠠᠰᠠᠪᠠ᠃ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠬᠡᠪᠯᠡᠯ ᠤᠨ | ᠡᠮ ᠤᠨ ᠵᠦᠢᠯ ᠤᠨ ᠭᠠᠷᠴᠠᠭ ᠲᠤ ᠡᠨᠡ ᠬᠦ ᠰᠢᠨ᠎ᠡ ᠡᠭᠦᠳᠦᠭᠰᠡᠨ ᠡᠮ ᠢ ᠣᠷᠣᠭᠤᠯᠬᠤ ᠪᠠᠷ ᠪᠣᠯᠵᠤ᠂ ᠨᠠᠩ ᠣᠯᠠᠨ | ᠡᠪᠡᠳᠴᠢᠲᠡᠨ ᠳᠤ ᠬᠦᠰᠡᠯ ᠡᠷᠡᠮᠡᠯᠵᠡᠯ ᠠᠪᠴᠢᠷᠠᠬᠤ ᠪᠣᠯᠣᠨ᠎ᠠ᠃ | ᠣᠶᠢᠷ᠎ᠠ ᠶᠢᠨ ᠬᠡᠳᠦᠨ ᠵᠢᠯ ᠳᠤ᠂ ᠨᠤᠭᠤᠰᠤᠨ ᠤ ᠴᠢᠨᠠᠷᠲᠠᠢ ᠪᠤᠯᠴᠢᠩ ᠠᠪᠴᠢᠬᠤ ᠡᠪᠡᠳᠴᠢᠨ ︵SMA︶᠂ | Gaucher ᠡᠪᠡᠳᠴᠢᠨ᠂ ᠪᠤᠯᠴᠢᠩ ᠰᠤᠯᠠᠷᠠᠬᠤ ᠬᠦᠨᠳᠦ ᠡᠪᠡᠳᠴᠢᠨ ᠵᠡᠷᠭᠡ ᠴᠥᠭᠡᠨ ᠲᠣᠬᠢᠶᠠᠯᠳᠤᠬᠤ | ᠡᠪᠡᠳᠴᠢᠨ ᠢ ᠡᠮᠨᠡᠨ ᠵᠠᠰᠠᠬᠤ ᠳᠤ ᠬᠡᠷᠡᠭᠯᠡᠬᠦ ᠡᠮ ᠢ ᠵᠠᠯᠭᠠᠭ᠎ᠠ ᠪᠠᠷ ᠭᠠᠷᠴᠠᠭ ᠲᠤ ᠣᠷᠣᠭᠤᠯᠪᠠ ᠁ 2018 | ᠣᠨ ᠳᠤ ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ ᠨᠢᠭᠡᠨᠲᠡ | 7 ᠵᠢᠯ ᠳᠠᠷᠠᠭᠠᠯᠠᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠪᠡ᠃ | ᠣᠳᠣᠬᠠᠨ ᠳᠤ᠂ 90 ᠭᠠᠷᠤᠢ ᠵᠦᠢᠯ ᠤᠨ ᠴᠥᠭᠡᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠢ ᠤᠯᠤᠰ ᠤᠨ | ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠣᠷᠣᠭᠤᠯᠵᠤ᠂ ᠴᠥᠭᠡᠨ ᠲᠣᠬᠢᠶᠠᠯᠳᠤᠬᠤ | ᠡᠪᠡᠳᠴᠢᠨ ᠤ ᠡᠮ ᠤᠨ ᠵᠦᠢᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ | ᠶᠠᠪᠤᠵᠤ ᠢᠷᠡᠭᠰᠡᠨ ᠵᠠᠮ ᠪᠣᠯ ᠴᠢᠷᠮᠠᠶᠢᠯᠭ᠎ᠠ᠂ ᠨᠡᠩ ᠴᠤ ᠬᠦᠰᠡᠯ ᠡᠷᠡᠮᠡᠯᠵᠡᠯ ᠮᠥᠨ᠃ | ︽ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠭᠰᠡᠨ | ᠶᠠᠪᠤᠳᠠᠯ ᠪᠣᠯ ᠤᠯᠤᠰ ᠠᠴᠠ ᠠᠮᠢ ᠨᠠᠰᠤ ᠶᠢ ᠬᠦᠨᠳᠦᠳᠬᠡᠨ ᠬᠠᠯᠠᠮᠵᠢᠯᠠᠵᠤ ᠪᠠᠶᠢᠭ᠎ᠠ ᠶᠠᠪᠤᠳᠠᠯ ᠮᠥᠨ᠂ ᠣᠨᠴᠠᠭᠠᠶ | ᠨᠢᠭᠡ ᠪᠦᠯᠦᠭ ᠬᠥᠮᠥᠰ ᠢ ᠣᠨᠴᠠᠭᠠᠶ ᠬᠠᠯᠠᠮᠵᠢᠯᠠᠵᠤ ᠪᠠᠶᠢᠭ᠎ᠠ ᠶᠠᠪᠤᠳᠠᠯ ᠮᠥᠨ︾᠃ ᠳᠤᠮᠳᠠᠳᠤ ᠤᠯᠤᠰ ᠤᠨ ᠴᠥᠭᠡᠨ | ᠲᠣᠬᠢᠶᠠᠯᠳᠤᠬᠤ ᠡᠪᠡᠳᠴᠢᠨ ᠤ ᠬᠤᠯᠪᠤᠭ᠎ᠠ ᠶᠢᠨ ᠭᠦᠢᠴᠡᠳᠭᠡᠭᠴᠢ ᠬᠡᠷᠡᠭ ᠡᠷᠭᠢᠯᠡᠭᠴᠢᠳ ᠤᠨ ᠳᠠᠷᠤᠭ᠎ᠠ ᠯᠢ ᠯᠢᠨ ᠺᠠᠩ᠂ | ᠴᠥᠭᠡᠨ ᠲᠣᠬᠢᠶᠠᠯᠳᠤᠬᠤ ᠡᠪᠡᠳᠴᠢᠲᠡᠨ ᠤ ︽ᠡᠮ ᠤᠨ ᠬᠠᠶᠢᠷᠴᠠᠭ︾ ᠲᠤ ᠬᠢᠭᠰᠡᠨ ᠠᠯᠬᠤᠮ ᠪᠦᠷᠢ ᠶᠢᠨ | ᠲᠣᠬᠢᠷᠠᠭᠤᠯᠤᠯᠲᠠ᠂ ᠤᠳᠠᠭ᠎ᠠ ᠪᠦᠷᠢ ᠶᠢᠨ ᠡᠮ ᠤᠨ ᠵᠦᠢᠯ ᠤᠨ ᠨᠡᠮᠡᠭᠳᠡᠯ ᠨᠢ ᠴᠥᠮ ᠭᠢᠯᠪᠠᠷ ᠪᠤᠰᠤ ᠢᠷᠡᠭᠰᠡᠨ ᠶᠤᠮ | ᠭᠡᠪᠡ᠃ | ︽ᠡᠮᠨᠡᠬᠦ ᠡᠮ ᠦᠭᠡᠢ︾ ᠪᠠᠶᠢᠭᠰᠠᠨ ᠠᠴᠠ ︽ᠬᠡᠷᠡᠭᠯᠡᠬᠦ ᠡᠮ ᠲᠠᠢ︾ ᠪᠣᠯᠤᠭᠰᠠᠨ ᠭᠦᠷᠲᠡᠯ᠎ᠡ᠂ ᠲᠠᠭᠢᠭᠠᠳ ︽ᠡᠮ | ᠠᠪᠴᠤ ᠳᠡᠶᠢᠯᠭᠦ︾ ᠪᠣᠯᠤᠭᠰᠠᠨ ᠭᠦᠷᠲᠡᠯ᠎ᠡ ᠁ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ | ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠪᠠ᠂ ᠮᠠᠨ ᠤ ᠤᠯᠤᠰ ᠴᠥᠭᠡᠨ | ᠲᠣᠬᠢᠶᠠᠯᠳᠤᠬᠤ ᠡᠪᠡᠳᠴᠢᠨ ᠳᠤ ᠡᠮ ᠬᠡᠷᠡᠭᠯᠡᠬᠦ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠡᠮ ᠲᠠᠩ ᠢ | ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠡᠪᠡᠳᠴᠢᠲᠡᠨ ᠢ ᠨᠡᠩ ᠰᠠᠶᠢᠨ ᠲᠦᠰᠢᠭ ᠲᠠᠢ ᠪᠣᠯᠭᠠᠪᠠ᠃ | ︽ᠴᠥᠭᠡᠨ ᠲᠣᠬᠢᠶᠠᠯᠳᠤᠬᠤ ᠡᠪᠡᠳᠴᠢᠨ ᠲᠠᠢ ᠡᠪᠡᠳᠴᠢᠲᠡᠨ ᠤ ᠵᠣᠪᠠᠭᠤᠷᠢ ᠪᠠ ᠡᠮᠴᠢᠯᠡᠭᠡ ᠶᠢᠨ ᠬᠦᠴᠢᠷ | ᠲᠦᠪᠡᠭ ᠨᠢ ᠴᠠᠭ ᠢᠮᠠᠭᠲᠠ ᠡᠮᠴᠢ ᠶᠢᠨ ᠰᠡᠳᠬᠢᠯ ᠢ ᠵᠣᠪᠠᠭᠠᠵᠤ ᠪᠠᠶᠢᠳᠠᠭ᠃ ᠨᠡᠩ ᠤᠯᠠᠨ ᠰᠠᠶᠢᠨ ᠡᠮ᠂ ︿ᠠᠮᠢ | ᠠᠪᠤᠷᠠᠬᠤ ᠡᠮ﹀ ᠢ ᠡᠮ ᠡᠮᠨᠡᠯᠭᠡ ᠶᠢᠨ ᠳᠠᠭᠠᠳᠬᠠᠯ ᠳᠤ ᠣᠷᠣᠭᠤᠯᠬᠤ ᠪᠣᠯ ᠡᠮᠴᠢ ᠪᠣᠯᠣᠨ ᠡᠪᠡᠳᠴᠢᠲᠡᠨ ᠤ | ᠬᠠᠮᠲᠤ ᠶᠢᠨ ᠰᠡᠳᠬᠢᠯ ᠤᠨ ᠳᠠᠭᠤᠨ ᠪᠣᠯᠣᠨ᠎ᠠ︾᠃ ᠳᠤᠮᠳᠠᠳᠤ ᠶᠢᠨ ᠠᠨᠠᠭᠠᠬᠤ ᠤᠬᠠᠭᠠᠨ ᠤ ᠨᠡᠶᠢᠭᠡᠮᠯᠢᠭ ᠤᠨ ᠴᠥᠭᠡᠨ | ᠲᠣᠬᠢᠶᠠᠯᠳᠤᠬᠤ ᠡᠪᠡᠳᠴᠢᠨ ᠤ ᠬᠤᠪᠢᠶᠠᠷᠢ ᠨᠡᠶᠢᠭᠡᠮᠯᠢᠭ ᠤᠨ ᠡᠷᠭᠢᠯᠡᠭᠴᠢ ᠭᠡᠰᠢᠭᠦᠨ᠂ ᠪᠡᠭᠡᠵᠢᠩ ᠤᠨ ᠰᠢᠶᠧ ᠾᠧ | ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠵᠠᠩ ᠱᠤ᠋ ᠶᠠᠩ᠂ ᠥᠷᠢᠰᠦᠯᠳᠦᠭᠡᠨ ᠪᠠ ᠬᠦᠰᠡᠯ ᠡᠷᠡᠮᠡᠯᠵᠡᠯ ᠢᠶᠠᠷ ᠪᠢᠯᠬᠠᠭᠰᠠᠨ | ᠡᠨᠡ ᠬᠦ ᠵᠠᠮ ᠳᠡᠭᠡᠷ᠎ᠡ ᠪᠢᠳᠡ ᠭᠠᠷ ᠬᠤᠯᠪᠣᠨ ᠤᠷᠤᠭᠰᠢᠯᠠᠵᠤ᠂ ᠡᠪᠡᠳᠴᠢᠲᠡᠨ ᠳᠤ ᠠᠮᠢ ᠨᠠᠰᠤᠨ ᠤ ᠬᠡᠷᠡᠯᠳᠦ | ᠴᠠᠮᠬᠠᠭ ᠢ ᠭᠡᠷᠡᠯᠳᠤᠭᠦᠯᠵᠦ ᠥᠭᠭᠦᠨ᠎ᠡ ᠭᠡᠪᠡ᠃ | | |