︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ ᠪᠦᠷᠢᠨ ᠲᠣᠨᠣᠭᠯᠠᠯ  ᠢᠶᠠᠷ ᠵᠡᠪᠰᠡᠭᠯᠡᠨ᠎ᠡ
ᠨᠡᠶᠢᠲᠡᠯᠡᠭᠰᠡᠨ ᠴᠠᠭ᠄
2024/12/9
     - ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ ᠢ ᠳᠠᠭᠢᠨ ᠪᠠᠶᠢᠭᠤᠯᠬᠤ︾ ᠰᠢᠷᠢᠰ ᠮᠡᠳᠡᠭᠡᠯᠡᠯ ②      11 ᠰᠠᠷ᠎ᠠ ᠶᠢᠨ 23 ᠤ ᠡᠳᠦᠷ᠂ ᠮᠢᠩ ᠶᠠᠩ ᠰᠢᠨ᠎ᠡ ᠡᠨᠧᠷᠭᠢ ᠶᠢᠨ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ᠂ ᠰᠠᠶ᠋ᠢᠬᠠᠨ ᠦᠢᠯᠡᠳᠪᠦᠷᠢᠯᠡᠵᠦ ᠭᠠᠷᠭᠠᠭᠰᠠᠨ ᠵᠠᠭᠤᠨ ᠮᠧᠲᠷ ᠤᠨ ᠣᠷᠳᠣ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠤ ᠰᠠᠷᠬᠢᠷᠠᠭᠤᠯ ᠢ ᠡᠩᠨᠡᠷᠡᠭᠦᠯᠦᠨ ᠵᠢᠭᠰᠠᠭᠠᠵᠤ᠂ ᠤᠳᠠᠯ ᠦᠭᠡᠢ ︽ᠡᠯᠡᠰᠦ ᠭᠤᠪᠢ ᠴᠦᠯ︾ ᠤᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠲᠣᠮᠣ ᠰᠠᠭᠤᠷᠢᠨ ᠳᠤ ᠬᠦᠷᠭᠡᠵᠦ᠂ ︽ᠠᠵᠢᠯ ᠤᠨ ᠪᠠᠶᠢᠷᠢ ᠳᠤᠨᠢ ᠭᠠᠷᠭᠠᠵᠤ︾ ᠠᠵᠢᠯᠯᠠᠭᠤᠯᠬᠤ ᠪᠠᠷ ᠪᠡᠯᠡᠬᠡᠨ ᠪᠣᠯᠭᠠᠭᠠᠳ ᠪᠠᠶᠢᠯ᠎ᠠ᠃      ᠪᠦᠭᠦ ᠪᠥᠮᠪᠥᠷᠴᠡᠭ ᠤᠨ ᠬᠠᠮᠤᠭ ᠤᠨ ᠲᠣᠮᠣ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠦᠢᠯᠡᠳᠬᠦ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠮᠢᠩ ᠶᠠᠩ ᠪᠦᠯᠦᠭᠯᠡᠯ ᠪᠤᠭᠤᠲᠤ ᠳᠤ ᠨᠤᠲᠤᠭᠰᠢᠭᠰᠠᠨ 3 ᠵᠢᠯ ᠤᠨ ᠲᠤᠷᠰᠢ᠂ ᠲᠤᠬᠠᠢ ᠶᠢᠨ ᠬᠠᠷᠢᠶ᠎ᠠ ᠭᠠᠵᠠᠷ ᠣᠷᠣᠨ ᠳᠤ ᠨᠡᠶᠢᠲᠡ 21 ᠠᠵᠤ ᠠᠬᠤᠶᠢᠯᠠᠯ ᠢ ᠪᠣᠶᠢᠵᠢᠭᠤᠯᠵᠤ᠂ ᠭᠠᠳᠠᠨ᠎ᠠ ᠠᠴᠠ 9 ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠪᠡᠶᠡᠯᠡᠭᠦᠯᠵᠦ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠪᠠᠷ ᠬᠥᠲᠥᠯᠥᠨ ᠳᠠᠭᠠᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠢ ᠪᠠᠶᠢᠭᠤᠯᠵᠤ᠂ ᠰᠠᠯᠬᠢᠨ ᠬᠦᠴᠦᠨ ᠤ ᠴᠠᠭᠢᠯᠭᠠᠨ ᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠳᠠᠭᠠᠭᠤᠯᠤᠭᠴᠢ︾ ᠶᠢᠨ ᠰᠦᠷ ᠵᠢᠪᠬᠤᠭ᠎ᠠ ᠶᠢ ᠭᠦᠢᠴᠡᠳ ᠢᠯᠡᠷᠡᠭᠦᠯᠪᠡ᠃      ᠡᠨᠡ ᠵᠢᠯ ᠤᠨ 5 ᠰᠠᠷ᠎ᠠ ᠳᠤ᠂ ᠮᠢᠩ ᠶᠠᠩ ᠪᠦᠯᠦᠭᠯᠡᠯ ᠬᠢᠭᠡᠳ ᠪᠤᠭᠤᠲᠤ ᠬᠤᠲᠠ ᠶᠢᠨ ᠵᠠᠰᠠᠭ ᠤᠨ ᠣᠷᠳᠣᠨ ᠬᠠᠭᠤᠷᠠᠢ ᠳᠡᠭᠡᠷᠡᠬᠢ ᠲᠣᠨᠣᠭᠯᠠᠯ ᠤᠨ ᠠᠵᠤ ᠦᠢᠯᠡᠰ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ 3 ᠵᠢᠯ ᠤᠨ ᠴᠠᠭ ᠢ ᠬᠡᠷᠡᠭᠰᠡᠵᠦ ᠦᠢᠯᠡᠳᠬᠦᠨ ᠤ ᠥᠷᠲᠡᠭ ᠨᠢ 500 ᠳ᠋ᠦᠩᠰᠢᠭᠤᠷ ᠲᠥᠭᠦᠷᠢᠭ ᠤᠨ ᠬᠡᠪᠴᠢᠶ᠎ᠡ ᠪᠦᠬᠦᠢ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠵᠤ᠂ ᠪᠤᠭᠤᠲᠤ ᠶᠢᠨ ᠮᠢᠩᠭᠠᠨ ᠳ᠋ᠦᠩᠰᠢᠭᠤᠷ ᠲᠠᠰ ᠤᠨ ᠰᠢᠨ᠎ᠡ ᠡᠨᠧᠷᠭᠢ ᠶᠢᠨ ᠳᠡᠭᠡᠳᠦ ᠲᠠᠰ ᠤᠨ ᠲᠣᠨᠣᠭᠯᠠᠯ ᠤᠨ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠠᠶᠢᠨ᠎ᠠ᠃      ᠮᠥᠬᠦᠯᠢᠭ ᠢ ᠬᠤᠯᠪᠣᠨ ᠬᠡᠯᠬᠢᠶ᠎ᠡ ᠪᠤᠯᠭᠠᠵᠤ᠂ ᠬᠡᠯᠬᠢᠶ᠎ᠡ ᠠᠴᠠ ᠪᠦᠯᠦᠭᠵᠢᠯ ᠪᠣᠯᠵᠤ᠂ ᠪᠦᠯᠦᠭᠵᠢᠯ ᠤᠨ ᠬᠦᠴᠦᠨ ᠳᠤ ᠬᠥᠭᠵᠢᠨ ᠪᠤᠵᠠᠭᠠᠶᠢᠷᠠᠨ᠎ᠠ︕ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ ᠢ ᠳᠠᠭᠢᠨ ᠪᠠᠶᠢᠭᠤᠯᠬᠤ︾ ᠳᠤ ᠰᠠᠭᠤᠷᠢᠯᠠᠨ᠂ ᠥᠪᠥᠷ ᠮᠣᠩᠭᠤᠯ ᠨᠢᠭᠡ ᠲᠠᠯ᠎ᠠ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠲᠣᠨᠣᠭᠯᠠᠯ ᠦᠢᠯᠡᠳᠬᠦ ᠶᠢ ᠠᠳᠬᠤᠵᠤ᠂ ︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ ᠳᠥᠷᠪᠡᠨ ᠶᠡᠭᠡ ᠠᠵᠤ ᠦᠢᠯᠡᠰ ᠤᠨ ᠪᠦᠯᠦᠭᠵᠢᠯ ᠪᠣᠯᠣᠨ︽ᠭᠦᠭᠡᠬᠤᠲᠠ ᠪᠤᠭᠤᠲᠤ ᠣᠷᠳᠣᠰ ᠲᠦᠩᠯᠢᠶᠣᠣ︾ ᠳᠥᠷᠪᠡᠨ ᠶᠡᠭᠡ ᠲᠣᠨᠣᠭᠯᠠᠯ ᠦᠢᠯᠡᠳᠬᠦ ᠰᠠᠭᠤᠷᠢᠨ ᠬᠦᠴᠦᠷᠬᠡᠭᠵᠢᠨ ᠮᠠᠨᠳᠤᠵᠤ᠂ ᠥᠪᠥᠷ ᠮᠣᠩᠭᠤᠯ ᠤᠨ ︽ᠰᠠᠯᠬᠢᠨ ᠬᠦᠴᠦᠨ  ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ ᠲᠣᠨᠣᠭᠯᠠᠯ ᠦᠢᠯᠡᠳᠬᠦ ᠪᠦᠭᠦ ᠠᠵᠤ ᠦᠢᠯᠡᠰ ᠤᠨ ᠬᠡᠯᠬᠢᠶ᠎ᠡ ᠦᠨᠳᠦᠰᠦᠨ ᠳᠡᠭᠡᠨ ᠪᠦᠷᠢᠯᠳᠦᠪᠡ᠃ ᠡᠨᠡ ᠵᠢᠯ ᠤᠨ 1 - 10 ᠰᠠᠷ᠎ᠠ ᠳᠤ᠂ ᠪᠦᠭᠦ ᠣᠷᠣᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠲᠥᠷᠥᠯ ᠵᠦᠢᠯ ᠳᠤ 962 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 45% ᠪᠠᠷ ᠨᠡᠮᠡᠭᠳᠡᠪᠡ᠃      ᠮᠥᠬᠦᠯᠢᠭ ᠢ ᠬᠤᠯᠪᠣᠨ ᠬᠡᠯᠬᠢᠶ᠎ᠡ ᠪᠤᠯᠭᠠᠵᠤ᠂ ︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ ᠬᠠᠷᠠᠯᠲᠠ ᠶᠢ ᠲᠣᠭᠲᠠᠭᠠᠪᠠ      5 ᠰᠠᠷ᠎ᠠ ᠶᠢᠨ 10 ᠤ ᠦᠳᠡ ᠶᠢᠨ ᠡᠮᠦᠨ᠎ᠡ᠂ ᠪᠡᠭᠡᠵᠢᠩ ᠤᠨ ᠤᠯᠠᠨ ᠤᠯᠤᠰ ᠤᠨ ᠵᠣᠴᠢᠳ ᠤᠨ ᠪᠠᠭᠤᠳᠠᠯ ᠤᠨ ᠬᠤᠷᠠᠯ ᠤᠨ ᠲᠥᠪ ᠲᠤ ᠥᠩᠭᠡᠲᠦ ᠳ᠋ᠧᠩ ᠳᠤᠸᠠᠯᠠᠵᠤ᠂ ᠰᠢᠯᠢ ᠶᠢᠨ ᠭᠤᠣᠯ ᠤᠨ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠢ ᠠᠬᠢᠭᠤᠯᠬᠤ ᠬᠤᠷᠠᠯ ᠠᠳᠡ ᠬᠤᠷᠠᠯᠳᠤᠪᠠ᠃ ᠬᠤᠷᠠᠯ ᠳᠡᠭᠡᠷ᠎ᠡ᠂ 2023 ᠣᠨ ᠳᠤ  ᠰᠢᠯᠢ ᠶᠢᠨ ᠭᠤᠣᠯ ᠠᠶᠢᠮᠠᠭ ᠰᠢᠨ᠎ᠡ ᠡᠨᠧᠷᠭᠢ ᠶᠢᠨ ᠬᠦᠷᠢᠶᠡᠨ ᠳᠤ ᠬᠤᠶᠠᠷ ᠵᠦᠢᠯ ᠤᠨ ︽ᠥᠪᠥᠷ ᠮᠣᠩᠭᠤᠯ ᠤᠨ ᠨᠢᠭᠡᠳᠦᠭᠡᠷ︾ ᠤᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ ᠭᠡᠵᠦ ᠨᠡᠶᠢᠲᠡᠯᠡᠪᠡ᠃ ᠨᠢᠭᠡᠳᠦᠭᠡᠷ ᠵᠦᠢᠯ ᠪᠣᠯ ᠰᠢᠨ᠎ᠡ ᠡᠨᠧᠷᠭᠢ ᠶᠢ ᠲᠣᠣᠷ ᠲᠤ ᠨᠡᠶᠢᠯᠡᠭᠦᠯᠦᠭᠰᠡᠨ ᠶᠡᠷᠦᠩᠬᠡᠢ ᠬᠡᠪᠴᠢᠶ᠎ᠡ᠂ ᠣᠷᠣᠨ ᠪᠦᠰᠡ ᠠᠯᠤᠰᠯᠠᠨ ᠭᠠᠳᠠᠭᠰᠢ ᠬᠦᠷᠭᠡᠭᠰᠡᠨ ᠰᠢᠨ᠎ᠡ ᠡᠨᠧᠷᠭᠢ ᠶᠢᠨ ᠴᠠᠭᠢᠯᠭᠠᠨ ᠤ ᠬᠡᠮᠵᠢᠶ᠎ᠡ ᠵᠡᠷᠭᠡ 6 ᠭᠦᠢᠴᠡᠳᠬᠡᠯ ᠲᠤᠭ᠎ᠠ ᠨᠢ ᠴᠥᠮ ᠪᠦᠭᠦ ᠣᠷᠣᠨ ᠳᠤ ᠲᠦᠷᠦᠭᠦᠯᠡᠪᠡ᠃ ᠬᠤᠶᠠᠳᠤᠭᠠᠷ ᠵᠦᠢᠯ ᠨᠢ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠤ ᠭᠤᠣᠯ ᠮᠠᠰᠢᠨ ᠤ ᠠᠵᠤ ᠠᠬᠤᠶᠢᠯᠠᠯ ᠤᠨ ᠪᠣᠳᠠᠲᠠᠢ ᠦᠢᠯᠡᠳᠪᠦᠷᠢᠯᠡᠭᠰᠡᠨ ᠬᠡᠮᠵᠢᠶ᠎ᠡ ᠨᠢ 658 ᠰᠠᠤᠷᠢ ᠢᠵᠢ ᠶᠢ ᠪᠡᠶᠡᠯᠡᠭᠦᠯᠵᠦ᠂ 38 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠰᠠᠯᠬᠢᠨ ᠬᠦᠴᠦᠨ ᠢᠶᠠᠷ ᠴᠠᠭᠢᠯᠭᠠᠨ ᠭᠠᠷᠭᠠᠬᠤ ᠮᠠᠰᠢᠨ ᠤ ᠭᠤᠣᠯ ᠮᠠᠰᠢᠨ ᠢ ᠲᠤᠬᠠᠢ ᠶᠢᠨ ᠭᠠᠵᠠᠷ ᠠᠴᠠ ᠪᠠᠨ ᠬᠤᠳᠠᠯᠳᠤᠨ ᠠᠪᠬᠤ ᠨᠣᠷᠮ᠎ᠠ ᠨᠢ 100% ᠪᠠᠶᠢᠵᠤ᠂ ᠪᠦᠭᠦ ᠣᠷᠣᠨ ᠳᠤ ᠲᠦᠷᠦᠭᠦᠯᠡᠪᠡ᠃      ᠣᠳᠣᠬᠠᠨ ᠳᠤ᠂ ᠰᠢᠯᠢ ᠶᠢᠨ ᠭᠤᠣᠯ ᠠᠶᠢᠮᠠᠭ ︽ᠪᠦᠭᠦ ᠤᠯᠤᠰ ᠲᠤ ᠬᠤᠪᠣᠷ ᠪᠠᠶᠢᠳᠠᠭ ᠨᠢᠭᠡᠳᠦᠭᠡᠷ ᠲᠥᠷᠥᠯ ᠤᠨ ᠴᠢᠨᠠᠷ ᠰᠠᠶᠢᠲᠠᠢ ᠰᠠᠯᠬᠢᠨ ᠬᠦᠴᠦᠨ ᠭᠡᠷᠡᠯᠴᠢ ᠴᠡᠨᠡᠭ ᠤᠨ ᠡᠬᠢ ᠪᠠᠶᠠᠯᠢᠭ ᠤᠨ ᠣᠷᠣᠨ︾ ᠤ ᠳᠠᠪᠠᠭᠤᠯᠢᠭ ᠲᠠᠭᠠᠨ ᠲᠦᠰᠢᠭᠯᠡᠨ᠂ ︽ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠪᠠ ᠲᠣᠨᠣᠭᠯᠠᠯ ᠦᠢᠯᠡᠳᠬᠦ ᠶᠢ ᠵᠡᠷᠭᠡ ᠪᠠᠷ ᠠᠳᠬᠤᠬᠤ︾ ᠴᠢᠭᠯᠡᠯᠲᠡ ᠶᠢ ᠲᠣᠭᠲᠠᠭᠠᠵᠤ᠂ ᠪᠦᠬᠦᠯᠢ ᠴᠣᠭᠴᠠ ᠶᠢᠨ ᠮᠠᠰᠢᠨ ᠦᠢᠯᠡᠳᠪᠦᠷᠢᠯᠡᠬᠦ ᠠᠴᠠ ᠠᠪᠤᠭᠠᠳ ᠵᠠᠩᠭᠢᠯᠠᠭ᠎ᠠ ᠶᠢᠨ ᠰᠡᠯᠪᠢᠭ ᠲᠣᠨᠤᠭ ᠢ ᠬᠠᠮᠵᠢᠯᠴᠠᠨ ᠦᠢᠯᠡᠳᠪᠦᠷᠢᠯᠡᠬᠦ᠂ ᠭᠤᠣᠯ ᠰᠡᠯᠪᠢᠭ ᠲᠣᠨᠤᠭ ᠢ ᠢᠵᠢ ᠪᠦᠷᠢᠳᠦᠭᠦᠯᠦᠨ ᠦᠢᠯᠡᠳᠪᠦᠷᠢᠯᠡᠬᠦ ᠬᠦᠷᠲᠡᠯᠡᠬᠢ ᠪᠦᠭᠦ ᠠᠵᠤ ᠦᠢᠯᠡᠰ ᠤᠨ ᠬᠡᠯᠬᠢᠶ᠎ᠡ ᠶᠢ ︽ᠪᠦᠯᠭᠦᠮ ᠪᠠᠶᠢᠭᠤᠯᠤᠨ︾ ᠬᠥᠭᠵᠢᠭᠦᠯᠬᠦ ᠠᠵᠤ ᠦᠢᠯᠡᠰ ᠤᠨ ᠪᠦᠯᠦᠭᠵᠢᠯ ᠢ ᠲᠦᠷᠭᠡᠳᠬᠡᠨ ᠪᠤᠶ ᠪᠣᠯᠭᠠᠪᠠ᠃      ᠰᠢᠯᠢ ᠶᠢᠨ ᠭᠤᠣᠯ ᠠᠶᠢᠮᠠᠭ ᠤᠨ ᠰᠦᠪᠡᠭᠴᠢᠯᠡᠯᠲᠡ ᠪᠣᠯ ᠶᠠᠭ ᠥᠪᠥᠷ ᠮᠣᠩᠭᠤᠯ ᠤᠨ ᠬᠡᠯᠬᠢᠶ᠎ᠡ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠦᠭᠰᠡᠨ ᠠᠮᠢᠳᠤᠯᠢᠭ ᠵᠢᠷᠤᠭᠯᠠᠯ ᠪᠣᠯᠣᠨ᠎ᠠ᠃      ᠤᠮᠠᠷᠠᠲᠤ ᠬᠢᠯᠢ ᠶᠢᠨ ᠡᠬᠡ ᠭᠠᠵᠠᠷ ᠳᠡᠭᠡᠷ᠎ᠡ ᠵᠢᠭᠳᠡᠷᠡᠨ ᠪᠣᠰᠣᠭᠰᠠᠨ ᠰᠠᠭᠤᠷᠢᠨ  ᠵᠢᠴᠢ ᠠᠯᠢ ᠤᠯᠠᠨ ᠦᠢᠯᠡᠳᠪᠦᠷᠢ ᠨᠢ ᠶᠠᠭ ᠯᠡ ᠮᠥᠬᠦᠯᠢᠭ ᠮᠥᠬᠦᠯᠢᠭ ᠬᠡᠷᠡᠯᠳᠦ ᠰᠤᠪᠤᠳ ᠰᠢᠭ᠋ ᠢᠶᠠᠷ ᠠᠮᠢᠵᠢᠷᠠᠯ ᠤᠨ ᠬᠦᠴᠦᠨ ᠪᠢᠯᠬᠠᠭᠰᠠᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠦᠭᠰᠡᠨ ᠪᠠᠶᠢᠨ᠎ᠠ᠃ ︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ 4 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠲᠦᠭᠵᠢᠷᠡᠯ ᠢ ᠨᠠᠪᠲᠠᠷᠡᠭᠦᠯᠵᠦ᠂ ᠲᠠᠰᠤᠯᠳᠠᠭᠰᠠᠨ ᠢ ᠵᠠᠯᠭᠠᠵᠤ᠂ ᠬᠤᠭᠤᠰᠤᠨ ᠢ ᠨᠥᠬᠦᠪᠦᠷᠢᠯᠡᠵᠦ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠦᠳᠲᠡᠷ ᠲᠦᠷᠭᠡᠨ ᠬᠥᠭᠵᠢᠪᠡ᠃      ᠭᠦᠭᠡᠬᠤᠲᠠ ᠶᠢᠨ ᠵᠦᠩ ᠬᠤᠸᠠᠨ ᠠᠵᠤ ᠦᠢᠯᠡᠰ ᠤᠨ ᠬᠦᠷᠢᠶᠡᠯᠡᠩ ᠳᠤ᠂ ᠥᠪᠥᠷ ᠮᠣᠩᠭᠤᠯ ᠤᠨ ᠰᠢᠨ ᠬᠤᠸᠠᠨ ᠴᠠᠬᠢᠭᠤᠷ ᠤᠨ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠵᠢᠯ ᠳᠤ 10 ᠲᠦᠮᠡᠨ ᠲᠣᠨ ᠮᠥᠬᠦᠯᠢᠭᠲᠦ ᠴᠠᠬᠢᠭᠤᠷ ᠦᠢᠯᠡᠳᠪᠦᠷᠢᠯᠡᠬᠦ ᠲᠦᠷᠦᠯ ᠵᠦᠢᠯ ᠤᠨ ᠥᠨᠳᠥᠷ ᠬᠤᠷᠳᠤᠴᠠ ᠪᠠᠷ ᠠᠵᠢᠯᠯᠠᠭᠤᠯᠵᠤ ᠪᠠᠶᠢᠭ᠎ᠠ ᠦᠢᠯᠡᠳᠪᠦᠷᠢᠯᠡᠯ ᠤᠨ ᠱᠤᠭᠤᠮ ᠳᠡᠭᠡᠷ᠎ᠡ᠂  ᠨᠣᠭᠤᠭᠠᠨ ᠪᠤᠷᠴᠠᠭ ᠤᠨ ᠬᠢᠷᠢ ᠲᠠᠢ ᠮᠥᠬᠦᠯᠢᠭᠲᠦ ᠴᠠᠬᠢᠭᠤᠷ ᠢ ᠲᠠᠰᠤᠷᠠᠯᠳᠠ ᠦᠭᠡᠢ ᠦᠢᠯᠡᠳᠪᠦᠷᠢᠯᠡᠨ ᠭᠠᠷᠭᠠᠵᠤ ᠪᠠᠶᠢᠯ᠎ᠠ᠃ ︽ᠮᠤᠨᠠᠨᠴᠢᠷ  ᠭᠡᠯᠪᠡᠷᠢ ᠶᠢᠨ ᠴᠠᠬᠢᠭᠤᠷ ᠲᠠᠢ ᠬᠠᠷᠢᠴᠠᠭᠤᠯᠪᠠᠯ᠂ ᠮᠥᠬᠦᠯᠢᠭᠲᠦ ᠴᠠᠬᠢᠭᠤᠷ ᠤᠨ ᠡᠵᠡᠯᠡᠬᠦᠨ ᠨᠢ ᠪᠠᠭ᠎ᠠ᠂ ᠠᠰᠢᠭᠯᠠᠮᠵᠢ ᠨᠢ ᠥᠨᠳᠥᠷ᠂ ᠦᠢᠯᠡᠳᠪᠦᠷᠢᠯᠡᠯ ᠤᠨ ᠶᠠᠪᠤᠴᠠ ᠳᠠᠬᠢ ᠴᠠᠭᠢᠯᠭᠠᠨ ᠤ ᠬᠤᠷᠣᠭᠳᠠᠯ ᠨᠢ ᠨᠠᠩ ᠳᠣᠣᠷ᠎ᠠ ᠶᠤᠮ︾ ᠭᠡᠵᠦ ᠮᠡᠷᠭᠡᠵᠢᠯ ᠤᠨ ᠠᠵᠢᠯᠲᠠᠨ ᠲᠠᠨᠢᠯᠴᠠᠭᠤᠯᠪᠠ᠃      ᠠᠯᠲᠠᠨ ᠰᠢᠷᠭᠠᠯ ᠨᠡᠷᠡᠨ ᠤ ᠭᠡᠷᠡᠯ ᠢ ᠰᠢᠩᠭᠡᠭᠡᠵᠦ᠂ ᠪᠣᠬᠢᠷᠳᠤᠯ ᠦᠭᠡᠢ ᠴᠠᠭᠢᠯᠭᠠᠨ ᠡᠨᠧᠷᠭᠢ ᠶᠢ ᠡᠭᠦᠰᠬᠡᠨ᠎ᠡ᠃ ᠬᠠᠭᠠᠰ ᠳᠠᠮᠵᠢᠭᠤᠯᠤᠭᠴᠢ ᠲᠠᠩ ᠲᠠᠯᠠᠰᠲᠤ ᠴᠠᠬᠢᠭᠤᠷ᠂ ᠰᠢᠨ᠎ᠡ ᠡᠨᠧᠷᠭᠢ ᠶᠢᠨ ᠭᠡᠷᠡᠯᠴᠢ ᠴᠡᠨᠡᠭ ᠤᠨ ᠲᠠᠩ ᠲᠠᠯᠠᠰᠲᠤ ᠴᠠᠬᠢᠭᠤᠷ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠦᠭᠰᠡᠨ ᠠᠵᠤ ᠦᠢᠯᠡᠰ ᠤᠨ ᠲᠡᠷᠢᠭᠦᠨ ᠤ ᠦᠢᠯᠡᠳᠬᠦ ᠰᠠᠭᠤᠷᠢᠨ ᠪᠣᠯᠤᠭᠰᠠᠨ ᠤ ᠬᠤᠪᠢ ᠳᠤ᠂ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠨᠢ 2009 ᠣᠨ ᠠᠴᠠ ᠡᠬᠢᠯᠡᠨ ᠪᠦᠲᠦᠭᠡᠨ ᠪᠠᠶᠢᠭᠤᠯᠤᠭᠰᠠᠨ ᠠᠴᠠ ᠨᠠᠭᠠᠰᠢ᠂ ᠨᠢᠭᠡᠨᠲᠡ ᠨᠡᠶᠢᠲᠡ 532 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠠᠭᠠᠰ ᠳᠠᠮᠵᠢᠭᠤᠯᠤᠭᠴᠢ ᠪᠠ ᠭᠡᠷᠡᠯᠴᠢ ᠴᠡᠨᠡᠭ ᠤᠨ ᠠᠵᠢᠯ ᠲᠥᠷᠥᠯ ᠤᠨ 16 ᠨᠠᠷᠠᠲᠤ ᠠᠵᠤ ᠠᠬᠤᠶᠢᠯᠠᠯ ᠢ ᠪᠣᠶᠢᠵᠢᠭᠤᠯᠤᠭᠰᠠᠨ ᠪᠠ ᠣᠷᠣᠭᠤᠯᠤᠨ ᠠᠪᠴᠢᠷᠠᠵᠤ᠂ ᠵᠢᠯ ᠳᠤ 2500 ᠲᠣᠨ ᠬᠠᠭᠠᠰ ᠳᠠᠮᠵᠢᠭᠤᠯᠤᠭᠴᠢ ᠲᠠᠩ ᠲᠠᠯᠠᠰᠲᠤ ᠪᠡᠶ᠎ᠡ᠂ 105GW ᠭᠡᠷᠡᠯᠴᠢ ᠴᠡᠨᠡᠭ ᠤᠨ ᠲᠠᠩ ᠲᠠᠯᠠᠰᠲᠤ ᠪᠡᠶ᠎ᠡ᠂ 30GW ᠭᠡᠷᠡᠯᠴᠢ ᠴᠡᠨᠡᠭ ᠤᠨ ᠲᠠᠩ ᠲᠠᠯᠠᠰᠲᠤ ᠶᠢᠨ ᠢᠯᠲᠠᠰᠤ ᠦᠢᠯᠡᠳᠪᠦᠷᠢᠯᠡᠬᠦ ᠬᠡᠪᠴᠢᠶ᠎ᠡ ᠶᠢ ᠪᠦᠷᠢᠯᠳᠦᠭᠦᠯᠪᠡ᠃      ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠣᠯ ᠰᠢᠨ᠎ᠡ ᠡᠨᠧᠷᠭᠢ ᠶᠢᠨ ᠠᠵᠤ ᠦᠢᠯᠡᠰ ᠤᠨ ︽ᠡᠬᠢ ᠪᠤᠯᠠᠭ︾ ᠮᠥᠨ᠃ ᠣᠳᠣᠬᠠᠨ ᠳᠤ᠂ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠬᠦ᠂ ᠤᠷᠲᠤᠳᠬᠠᠬᠤ᠂ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠪᠠ ᠪᠣᠬᠢᠷᠳᠤᠯ ᠦᠭᠡᠢ ᠴᠠᠭᠢᠯᠭᠠᠨ ᠢᠶᠠᠷ ᠠᠷᠠᠯᠵᠢᠶᠠᠴᠢᠨ ᠤᠷᠢᠬᠤ ᠪᠠᠷ ᠳᠠᠮᠵᠢᠭᠤᠯᠤᠨ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ︽ᠨᠠᠶᠢᠵᠠ ᠶᠢᠨ ᠲᠣᠭᠤᠷᠢᠭ︾ ᠢ ᠦᠷᠭᠦᠯᠵᠢᠯᠡᠨ ᠥᠷᠭᠡᠳᠬᠡᠪᠡ᠃ ︽ᠪᠢᠳᠡ ᠰᠠᠯᠬᠢᠨ ᠬᠦᠴᠦᠨ ᠤ  ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ 4 ᠠᠵᠤ ᠦᠢᠯᠡᠰ ᠤᠨ ᠬᠡᠯᠬᠢᠶ᠎ᠡ ᠶᠢᠨ ᠪᠦᠭᠦ ᠦᠵᠡᠮᠵᠢ ᠶᠢᠨ ᠵᠢᠷᠤᠭ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠯᠤᠰ ᠤᠨ ᠵᠢᠷᠤᠭ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠭᠤᠣᠯᠳᠠᠯᠭ᠎ᠠ ᠪᠣᠯᠭᠠᠨ᠂ 98 ᠭᠤᠣᠯᠯᠠᠬᠤ ᠠᠵᠤ ᠠᠬᠤᠶᠢᠯᠠᠯ ᠢ ᠠᠷᠠᠯᠵᠢᠶᠠᠴᠢᠨ ᠤᠷᠢᠬᠤ ᠭᠤᠣᠯᠳᠠᠯᠭ᠎ᠠ ᠪᠣᠯᠭᠠᠪᠠ︾ ᠭᠡᠵᠦ ᠥᠪᠥᠷ ᠮᠣᠩᠭᠤᠯ ᠤᠨ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃      ︽ᠲᠣᠮᠣ ᠶᠢ ᠤᠷᠢᠵᠤ ᠬᠦᠴᠦᠷᠬᠡᠭ ᠢ ᠣᠷᠣᠭᠤᠯᠤᠨ ᠠᠪᠴᠢᠷᠠᠬᠤ︾ ᠬᠠᠷᠠᠯᠲᠠ ᠶᠢ ᠣᠨᠢᠯᠠᠵᠤ᠂ ︽ᠰᠢᠨ᠎ᠡ ᠶᠢ ᠤᠷᠢᠵᠤ ᠰᠢᠯᠢᠳᠡᠭ ᠢ ᠣᠷᠣᠭᠤᠯᠤᠨ ᠠᠪᠴᠢᠷᠠᠬᠤ︾ ᠶᠢ ᠴᠢᠩᠭ᠎ᠠ ᠠᠩᠬᠠᠷᠴᠤ᠂ ᠶᠤᠸᠠᠨ ᠵᠢᠩ᠂ ᠮᠢᠩ ᠶᠠᠩ᠂ ᠲᠢᠶᠠᠨ ᠾᠧ᠂ ᠯᠦᠩ ᠮᠠ᠂ ᠯᠦᠩ ᠵᠢᠢ᠂ ᠵᠢᠩ ᠤᠦ᠂ ᠶᠢᠨ ᠹᠧᠩ ᠵᠡᠷᠭᠡ 30 ᠭᠠᠷᠤᠢ ᠰᠢᠨ᠎ᠡ ᠡᠨᠧᠷᠭᠢ ᠶᠢᠨ ︽ᠬᠡᠯᠬᠢᠶ᠎ᠡ ᠶᠢᠨ ᠳᠠᠭᠠᠭᠤᠯᠤᠭᠴᠢ︾ ᠠᠵᠤ ᠠᠬᠤᠶᠢᠯᠠᠯ ᠥᠪᠥᠷ ᠮᠣᠩᠭᠤᠯ ᠳᠤ ᠨᠤᠲᠤᠭᠰᠢᠵᠤ᠂ ᠰᠠᠯᠬᠢᠨ ᠬᠦᠴᠦᠨ ᠤ ᠴᠠᠭᠢᠯᠭᠠᠨ ᠤ ᠪᠦᠬᠦᠯᠢ ᠴᠣᠭᠴᠠ ᠶᠢᠨ ᠳᠦᠷᠢᠮᠲᠦ ᠢᠵᠢ ᠪᠦᠷᠢᠳᠦᠭᠦᠯᠦᠭᠰᠡᠨ ᠴᠢᠳᠠᠪᠤᠷᠢ 500 ᠲᠦᠮᠡᠨ ᠺᠢᠯᠣᠸᠠᠲ᠂ ᠭᠡᠷᠡᠯᠴᠢ ᠴᠡᠨᠡᠭ ᠤᠨ ᠲᠣᠨᠣᠭᠯᠠᠯ ᠤᠨ ᠬᠠᠩᠭᠠᠯᠭ᠎ᠠ ᠶᠢᠨ ᠴᠢᠳᠠᠪᠤᠷᠢ 3050 ᠲᠦᠮᠡᠨ ᠺᠢᠯᠣᠸᠠᠲ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠴᠢᠳᠠᠪᠤᠷᠢ 450 ᠢᠵᠢ᠂ ᠡᠨᠧᠷᠭᠢ ᠬᠠᠳᠠᠭᠠᠯᠠᠬᠤ ᠲᠣᠨᠣᠭᠯᠠᠯ ᠤᠨ ᠴᠢᠳᠠᠪᠤᠷᠢ 200 ᠲᠦᠮᠡᠨ ᠺᠢᠯᠣᠸᠠᠲ ᠴᠠᠭ ᠢ ᠪᠦᠷᠢᠯᠳᠦᠭᠦᠯᠪᠡ᠃      ᠬᠡᠯᠬᠢᠶ᠎ᠡ ᠶᠢ ᠲᠥᠪᠯᠡᠷᠡᠭᠦᠯᠵᠦ ᠪᠦᠯᠦᠭᠵᠢᠯ ᠢ ᠪᠠᠶᠢᠭᠤᠯᠤᠨ ︽ᠭᠦᠭᠡᠬᠤᠲᠠ ᠪᠤᠭᠤᠲᠤ ᠣᠷᠳᠣᠰ ᠲᠦᠩᠯᠢᠶᠣᠣ︾  ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ      ᠲᠠᠩ ᠲᠠᠯᠠᠰᠲᠤ ᠴᠠᠬᠢᠭᠤᠷ ᠦᠢᠯᠡᠳᠪᠦᠷᠢᠯᠡᠬᠦ ᠵᠤᠤᠬ᠎ᠠ ᠨᠢ ᠲᠡᠷᠢ ᠲᠡᠭᠰᠢ ᠵᠢᠭᠰᠠᠵᠤ᠂ ᠳᠡᠭᠡᠭᠰᠢ ᠲᠠᠲᠠᠬᠤ ᠲᠥᠬᠦᠭᠡᠷᠦᠮᠵᠢ ᠨᠢ ᠲᠠᠰᠤᠷᠠᠯᠲᠠ ᠦᠭᠡᠢ ᠡᠷᠭᠢᠯᠳᠦᠵᠦ᠂ ᠥᠨᠳᠥᠷ ᠴᠡᠪᠡᠷᠴᠡ ᠲᠠᠢ ᠤᠯᠠᠨ ᠲᠠᠯᠠᠰᠲᠤ ᠴᠠᠬᠢᠭᠤᠷ ᠮᠠᠲ᠋ᠧᠷᠢᠶᠠᠯ ᠢ ᠬᠠᠯᠠᠭᠠᠨ ᠬᠠᠶᠢᠯᠤᠭᠤᠯᠤᠭᠰᠠᠨ ᠤ ᠳᠠᠷᠠᠭ᠎ᠠ᠂ ᠬᠡᠳᠦᠨ ᠮᠧᠲᠷ ᠥᠨᠳᠥᠷ ᠲᠠᠩ ᠲᠠᠯᠠᠰᠲᠤ ᠴᠠᠬᠢᠭᠤᠷ ᠮᠤᠨᠠᠨᠴᠢᠷ ᠪᠣᠯᠵᠤ ᠲᠠᠯᠠᠰᠵᠢᠨ᠎ᠠ᠃ ᠡᠨᠡ ᠪᠣᠯ ᠪᠤᠭᠤᠲᠤ ᠶᠢᠨ ᠮᠧᠢ ᠺᠧ ᠴᠠᠬᠢᠭᠤᠷ ᠤᠨ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠦᠢᠯᠡᠳᠪᠦᠷᠢ ᠶᠢᠨ ᠲᠠᠰᠤᠬ ᠪᠣᠯᠣᠨ᠎ᠠ᠂ ᠲᠡᠭᠦᠨ ᠤ ᠦᠢᠯᠡᠳᠪᠦᠷᠢᠯᠡᠯ ᠤᠨ ᠲᠦᠭᠦᠬᠡᠢ ᠮᠠᠲ᠋ᠧᠷᠢᠶᠠᠯ ᠨᠢ ︽ᠡᠭᠦᠳᠡᠨ ᠡᠰᠡᠷᠭᠦᠯᠡᠨ ᠰᠠᠭᠤᠭᠰᠠᠨ︾ ᠥᠪᠥᠷ ᠮᠣᠩᠭᠤᠯ ᠤᠨ ᠲᠦᠩ ᠸᠧᠢ ᠥᠨᠳᠥᠷ ᠴᠡᠪᠡᠷᠴᠡ ᠲᠠᠢ ᠲᠠᠯᠠᠰᠲᠤ ᠴᠠᠬᠢᠭᠤᠷ ᠤᠨ ᠬᠢᠵᠠᠭᠠᠷᠲᠤ ᠺᠤᠮᠫᠠᠨᠢ ᠠᠴᠠ ᠢᠷᠡᠭᠰᠡᠨ ᠶᠤᠮ᠃      ᠪᠤᠭᠤᠲᠤ ᠬᠤᠲᠠ ᠳᠤ᠂ ᠲᠠᠯᠠᠰᠲᠤ ᠴᠠᠬᠢᠭᠤᠷ ᠤᠨ ᠭᠡᠷᠡᠯᠴᠢ ᠴᠡᠨᠡᠭ ᠤᠨ ᠠᠵᠤ ᠠᠬᠤᠶᠢᠯᠠᠯ ᠤᠨ ︽ᠡᠭᠦᠳᠡ ᠡᠷᠦᠭᠡ ᠲᠡᠩᠴᠡᠭᠰᠡᠨ︾ ᠪᠠᠶᠢᠳᠠᠯ ᠴᠥᠭᠡᠨ ᠪᠤᠰᠤ ᠪᠤᠶ᠃ ᠠᠳᠠᠯᠢ ᠨᠢᠭᠡᠨ ᠬᠦᠷᠢᠶᠡᠯᠡᠩ ᠲᠣᠭᠤᠷᠢᠭ ᠲᠤ᠂ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠬᠠᠮᠵᠢᠯᠴᠠᠨ ᠬᠥᠭᠵᠢᠵᠦ᠂ ᠦᠢᠯᠡᠳᠬᠦᠨ ᠢ ᠲᠤᠬᠠᠢ ᠶᠢᠨ ᠭᠠᠵᠠᠷ ᠲᠠᠭᠠᠨ ᠰᠢᠩᠭᠡᠭᠡᠵᠦ᠂ ᠠᠵᠤ ᠦᠢᠯᠡᠰ ᠤᠨ ᠪᠦᠯᠦᠭᠵᠢᠯ ᠤᠨ ᠦᠢᠯᠡᠳᠦᠯ ᠢ ᠳᠣᠪᠤᠶᠢᠯᠭᠠᠪᠠ᠃ 2023 ᠣᠨ ᠳᠤ᠂ ︽ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ︾ ᠪᠤᠭᠤᠲᠤ ᠬᠤᠲᠠ ᠶᠢᠨ ᠲᠠᠯᠠᠰᠲᠤ ᠴᠠᠬᠢᠭᠤᠷ ᠤᠨ ᠭᠡᠷᠡᠯᠴᠢ ᠴᠡᠨᠡᠭ ᠤᠨ ᠠᠵᠤ ᠦᠢᠯᠡᠰ ᠤᠨ ᠦᠢᠯᠡᠳᠬᠦᠨ ᠤ ᠥᠷᠲᠡᠭ 1200 ᠳ᠋ᠦᠩᠰᠢᠭᠤᠷ ᠲᠥᠭᠦᠷᠢᠭ ᠲᠤ ᠬᠦᠷᠴᠦ᠂ ᠲᠦᠩ ᠸᠧᠢ᠂ ᠰᠢᠨ ᠲᠧ᠂ ᠰᠢᠶᠧ ᠰᠢᠨ᠂ ᠳ᠋ᠠ ᠴᠢᠤᠸᠠᠨ᠂ ᠱᠤᠸᠠᠩ ᠯᠢᠶᠠᠩ᠂ ᠬᠤᠩ ᠶᠤᠸᠠᠨ ᠵᠡᠷᠭᠡ 10 ᠭᠠᠷᠤᠢ ᠭᠡᠷᠡᠯᠴᠢ ᠴᠡᠨᠡᠭ ᠤᠨ ᠳᠠᠭᠠᠭᠤᠯᠤᠭᠴᠢ ᠠᠵᠤ ᠠᠬᠤᠶᠢᠯᠠᠯ ᠴᠤᠭᠯᠠᠷᠠᠵᠤ᠂ ᠣᠯᠠᠨ ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ ᠠᠴᠠ ᠠᠪᠤᠭᠠᠳ ᠬᠡᠷᠴᠢᠮᠡᠯ᠂ ᠳ᠋ᠢᠶᠠᠨ ᡂᠢ ᠶᠢᠨ ᠢᠯᠲᠠᠰᠤ᠂ ᠲᠣᠨᠣᠭᠯᠠᠯ ᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠠᠵᠤ ᠦᠢᠯᠡᠰ ᠤᠨ ᠢᠵᠢ ᠪᠦᠷᠢᠳᠦᠭᠰᠡᠨ ᠨᠣᠷᠮ᠎ᠠ 32% ᠪᠠᠶᠢᠭᠰᠠᠨ ᠠᠴᠠ ᠪᠠᠨ 55% ᠪᠤᠯᠲᠠᠯ᠎ᠠ ᠳᠡᠭᠡᠭᠰᠢᠯᠡᠪᠡ᠃      ︽ᠤᠮᠠᠷᠠᠲᠤ ᠶᠢᠨ ᠭᠤᠷᠪᠠᠨ ᠣᠷᠣᠨ ᠳᠤ ᠲᠠᠷᠬᠠᠵᠤ᠂ ᠪᠦᠭᠦ ᠤᠯᠤᠰ ᠲᠤ ᠬᠠᠨᠳᠤᠭᠰᠠᠨ︾ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠪᠠᠶᠢᠭᠤᠯᠬᠤ ᠳᠤ᠂ ᠥᠪᠥᠷ ᠮᠣᠩᠭᠤᠯ ᠢᠯᠠᠯᠲᠠ ᠣᠯᠬᠤ ᠡᠷᠴᠢ ᠵᠣᠷᠢᠭ ᠭᠦᠢᠴᠡᠳ ᠪᠤᠢ᠃ ᠭᠦᠭᠡᠬᠤᠲᠠ᠂ ᠪᠤᠭᠤᠲᠤ᠂ ᠣᠷᠳᠣᠰ᠂ ᠲᠦᠩᠯᠢᠶᠣᠣ ᠨᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠭᠤᠣᠯᠳᠠᠯᠭ᠎ᠠ ᠪᠣᠯᠪᠠ᠃ ᠭᠦᠭᠡᠬᠤᠲᠠ ᠳᠤ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠢᠴᠢ ᠡᠨᠧᠷᠭᠢ ᠨᠥᠭᠡᠴᠡᠯᠡᠬᠦ ᠲᠣᠨᠣᠭᠯᠠᠯ ᠦᠢᠯᠡᠳᠬᠦ ᠲᠥᠷᠥᠯ ᠵᠦᠢᠯ ᠢ ᠪᠠᠶᠢᠷᠢᠯᠠᠭᠤᠯᠪᠠ; ᠪᠤᠭᠤᠲᠤ ᠳᠤ᠂ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ ᠤᠨ ᠲᠣᠨᠣᠭᠯᠠᠯ ᠦᠢᠯᠡᠳᠬᠦ ᠲᠥᠷᠥᠯ ᠵᠦᠢᠯ ᠢ ᠪᠠᠶᠢᠷᠢᠯᠠᠭᠤᠯᠪᠠ; ᠣᠷᠳᠣᠰ ᠲᠤ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠬᠦ ᠲᠣᠨᠣᠭᠯᠠᠯ ᠦᠢᠯᠡᠳᠬᠦ ᠲᠥᠷᠥᠯ ᠵᠦᠢᠯ ᠢ ᠪᠠᠶᠢᠷᠢᠯᠠᠭᠤᠯᠪᠠ; ᠲᠦᠩᠯᠢᠶᠣᠣ ᠳᠤ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠢᠯᠡᠳᠬᠦ ᠲᠥᠷᠥᠯ ᠵᠦᠢᠯ ᠢ ᠪᠠᠶᠢᠷᠢᠯᠠᠭᠤᠯᠪᠠ᠃      ᠰᠠᠭᠤᠷᠢᠨ ᠪᠠᠶᠢᠭᠤᠯᠵᠤ᠂ ᠬᠡᠯᠬᠢᠶ᠎ᠡ ᠶᠢ ᠤᠷᠲᠤᠳᠬᠠᠵᠤ᠂ ᠪᠦᠯᠦᠭᠵᠢᠯ ᠢ ᠪᠣᠶᠢᠵᠢᠭᠤᠯᠪᠠ᠂ 2023 ᠣᠨ ᠳᠤ᠂ ︽ᠭᠦᠭᠡᠬᠤᠲᠠ ᠪᠤᠭᠤᠲᠤ ᠣᠷᠳᠣᠰ ᠲᠦᠩᠯᠢᠶᠣᠣ︾ 4 ᠶᠡᠭᠡ ᠰᠠᠭᠤᠷᠢᠨ ᠨᠢ ᠥᠪᠥᠷ ᠮᠣᠩᠭᠤᠯ ᠤᠨ︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠪᠠ ᠡᠨᠧᠷᠭᠢ ᠨᠥᠭᠡᠴᠡᠯᠡᠬᠦ︾ ᠲᠣᠨᠣᠭᠯᠠᠯ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠲᠤ 80% ᠶᠢ ᠡᠵᠡᠯᠡᠪᠡ᠃      ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠥᠪᠥᠷ ᠮᠣᠩᠭᠤᠯ ᠤᠨ ᠵᠡᠭᠦᠨ ᠪᠡᠶ᠎ᠡ ︵ᠲᠦᠩᠯᠢᠶᠣᠣ︶  ᠶᠢᠨ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠢᠯᠡᠳᠬᠦ ᠠᠵᠤ ᠦᠢᠯᠡᠰ ᠤᠨ ᠰᠠᠭᠤᠷᠢᠨ ᠳᠤ᠂ ᠵᠢᠯ ᠳᠤ 20 ᠲᠦᠮᠡᠨ ᠲᠣᠨ ᠹᠠᠯᠠᠨ ᠦᠢᠯᠡᠳᠪᠦᠷᠢᠯᠡᠬᠦ ᠲᠥᠷᠥᠯ ᠵᠦᠢᠯ ᠪᠠ ᠵᠢᠯ ᠳᠤ 200 ᠲᠦᠮᠡᠨ ᠲᠣᠨ ᠴᠢᠳᠬᠤᠨ ᠳᠠᠪᠲᠠᠬᠤ ᠲᠣᠨᠤᠭ ᠦᠢᠯᠡᠳᠪᠦᠷᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠢᠲᠠ ᠬᠦᠴᠦᠲᠡᠢ ᠶᠠᠪᠤᠭᠳᠠᠵᠤ ᠪᠠᠶᠢᠨ᠎ᠠ᠃ ︽ᠡᠨᠡ ᠬᠤᠶᠠᠷ ᠲᠥᠷᠥᠯ ᠵᠦᠢᠯ ᠨᠢ ᠥᠪᠡᠷᠲᠡᠭᠡᠨ ᠵᠠᠰᠠᠬᠤ ᠣᠷᠣᠨ ᠤ ᠬᠤᠭᠤᠰᠤᠨ ᠢ ᠨᠥᠬᠦᠪᠦᠷᠢᠯᠡᠬᠦ ᠪᠠᠷ ᠪᠠᠷᠠᠬᠤ ᠦᠭᠡᠢ᠂ ᠪᠠᠰᠠ ᠲᠦᠩᠯᠢᠶᠣᠣ ᠶᠢᠨ ᠰᠠᠯᠬᠢᠨ ᠬᠦᠴᠦᠨ ᠤ ᠴᠠᠭᠢᠯᠭᠠᠨ ᠤ ᠲᠣᠨᠣᠭᠯᠠᠯ ᠦᠢᠯᠡᠳᠬᠦ ᠰᠠᠭᠤᠷᠢᠨ ᠠᠴᠠ ᠰᠤᠪᠤᠷᠭᠠᠨ ᠪᠠᠭᠠᠨ᠎ᠠ᠂ ᠰᠠᠷᠬᠢᠷᠠᠭᠤᠯ᠂ ᠰᠠᠯᠬᠢᠨ ᠬᠦᠴᠦᠨ ᠤ ᠴᠠᠭᠢᠯᠭᠠᠨ ᠤ ᠭᠤᠣᠯ ᠮᠠᠰᠢᠨ᠂ ᠰᠠᠯᠬᠢᠨ ᠬᠦᠴᠦᠨ ᠤ ᠴᠠᠭᠢᠯᠭᠠᠨ ᠤ ᠮᠠᠰᠢᠨ ᠤ ᠥᠷᠥᠭᠡ ᠶᠢᠨ ᠪᠦᠷᠬᠦᠭᠦᠯ ᠠᠴᠠ ᠠᠪᠤᠭᠠᠳ ᠴᠢᠳᠬᠤᠨ ᠳᠠᠪᠲᠠᠬᠤ ᠲᠣᠨᠤᠭ᠂ ᠹᠠᠯᠠᠨ ᠵᠡᠷᠭᠡ ᠪᠦᠭᠦ ᠵᠠᠩᠭᠢᠯᠠᠭ᠎ᠠ ᠶᠢᠨ ᠰᠡᠯᠪᠢᠭ ᠲᠣᠨᠤᠭ ᠢ ᠪᠡᠶ᠎ᠡ ᠪᠠᠨ ᠳᠠᠭᠠᠭᠠᠵᠤ ᠦᠢᠯᠡᠳᠬᠦ ᠶᠢ ᠪᠡᠶᠡᠯᠡᠭᠦᠯᠦᠨ᠎ᠡ︾ ᠭᠡᠵᠦ ᠥᠪᠥᠷ ᠮᠣᠩᠭᠤᠯ ᠤᠨ ᠯᠦᠩ ᠮᠠ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠴᠢᠦᠢ ᠹᠧᠩ ᠽᠧᠩ ᠬᠡᠯᠡᠪᠡ᠃      ᠣᠷᠳᠣᠰ ᠤᠨ ᠮᠧᠩ ᠰᠦ᠋ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ᠂ ᠵᠡᠭᠦᠨᠰᠢ ᠪᠠᠷᠠᠭᠤᠨᠰᠢ 530 ᠮᠧᠲᠷ ᠰᠤᠨᠳᠠᠯᠠᠭᠰᠠᠨ ᠶᠤᠸᠠᠨ ᠵᠢᠩ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠦᠢᠯᠡᠳᠪᠦᠷᠢ᠂ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠳ᠋ᠢᠶᠠᠨ ᡂᠢ ᠶᠢ ᠪᠦᠭᠦ ᠬᠦᠴᠦᠨ ᠢᠶᠠᠷ ᠢᠶᠠᠨ ᠦᠢᠯᠡᠳᠪᠦᠷᠢᠯᠡᠨ᠎ᠡ᠃ ︽ᠡᠨᠧᠷᠭᠢ ᠨᠥᠭᠡᠴᠡᠯᠡᠬᠦ ᠤᠷᠤᠯᠳᠤᠭᠠᠨ ᠤ ᠵᠠᠮ︾ ᠳᠡᠭᠡᠷ᠎ᠡ ᠤᠷᠤᠯᠳᠤᠵᠦ ᠪᠠᠶᠢᠭ᠎ᠠ ᠣᠷᠳᠣᠰ ᠲᠤ ᠤᠷᠢᠳ ᠬᠤᠵᠢᠳ ᠶᠤᠸᠠᠨ ᠵᠢᠩ ᠬᠥᠳᠡᠯᠭᠡᠬᠦ ᠬᠦᠴᠦᠨ ᠤ ᠳ᠋ᠢᠶᠠᠨ ᡂᠢ᠂ ᠬᠤᠸᠠ ᠵᠢᠩ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠡᠶᠡᠷᠭᠦ ᠲᠤᠶᠢᠯ ᠤᠨ ᠮᠠᠲ᠋ᠧᠷᠢᠶᠠᠯ᠂ ᠪᠦᠦ ᠹᠧᠩ ᠡᠨᠧᠷᠭᠢ ᠨᠥᠭᠡᠴᠡᠯᠡᠬᠦ ᠳ᠋ᠢᠶᠠᠨ ᡂᠢ ᠵᠡᠷᠭᠡ ᠲᠥᠷᠥᠯ ᠵᠦᠢᠯ ᠢ ᠣᠷᠣᠭᠤᠯᠪᠠ᠃ 2025 ᠣᠨ ᠪᠤᠯᠬᠤ ᠳᠤ᠂ ᠣᠷᠳᠣᠰ ᠬᠤᠲᠠ ᠡᠨᠧᠷᠭᠢ ᠬᠠᠳᠠᠭᠠᠯᠠᠬᠤ ᠴᠠᠭᠢᠯᠭᠠᠨ ᠥᠷᠲᠡᠭᠡ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 10% ᠠᠴᠠ ᠳᠡᠭᠡᠭᠰᠢᠬᠢ ᠶᠢ ᠡᠵᠡᠯᠡᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ ᠪᠤᠢ᠃      ᠪᠦᠯᠦᠭᠵᠢᠯ ᠤᠨ ᠬᠦᠴᠦᠨ ᠬᠥᠭᠵᠢᠨ ᠪᠤᠵᠠᠭᠠᠶᠢᠷᠠᠵᠤ ᠶᠡᠭᠡ ᠤᠷᠤᠰᠬᠠᠯ ᠣᠶᠢᠯᠤᠨ ᠳᠠᠪᠠᠯᠭᠠᠯᠠᠵᠤ ︽ᠰᠢᠨ᠎ᠡ ᠶᠢ ᠵᠣᠷᠢᠨ ᠤᠷᠭᠢᠯ ᠳᠤ ᠠᠪᠠᠷᠢᠨ᠎ᠠ︾      ᠰᠢᠨ᠎ᠡ ᠡᠨᠧᠷᠭᠢ ᠶᠢᠨ ᠠᠵᠤ ᠦᠢᠯᠡᠰ ᠬᠥᠭᠵᠢᠨ ᠪᠤᠵᠠᠭᠠᠶᠢᠷᠠᠵᠤ᠂ ᠪᠦᠯᠦᠭᠵᠢᠯ ᠥᠷᠨᠢᠨ ᠬᠦᠴᠦᠷᠬᠡᠭᠵᠢᠪᠡ᠃ 2023 ᠣᠨ ᠳᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠨᠡᠮᠡᠭᠳᠡᠯ ᠦᠷᠳᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.1% ᠪᠠᠷ ᠨᠡᠮᠡᠭᠳᠡᠵᠦ᠂ ᠪᠦᠯᠦᠭᠵᠢᠨ ᠬᠥᠭᠵᠢᠭᠰᠡᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠨᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠪᠣᠯᠣᠨ ᠰᠢᠨ᠎ᠡ ᠶᠢ ᠡᠭᠦᠳᠬᠦ ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠪᠣᠯᠤᠭᠰᠠᠨ ᠪᠠᠶᠢᠨ᠎ᠠ᠃      ︽ᠮᠡᠷᠭᠡᠳ ᠢ ᠤᠷᠢᠬᠤ ᠵᠠᠷᠯᠢᠭ︾ ᠢ ᠨᠡᠶᠢᠲᠡᠯᠡᠵᠦ᠂ ︽ᠮᠣᠷᠢ ᠤᠷᠤᠯᠳᠤᠬᠤ ᠳᠦᠷᠢᠮ︾ ᠢ ᠠᠰᠢᠭᠯᠠᠪᠠ᠃ ᠡᠨᠡ ᠵᠢᠯ ᠤᠨ 6 ᠰᠠᠷ᠎ᠠ ᠶᠢᠨ ᠡᠬᠢ ᠪᠠᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠭᠦ ᠢᠨᠵᠧᠨᠧᠷᠢᠩ ᠤᠨ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠲᠥᠷᠥᠯ ᠵᠦᠢᠯ ᠤᠨ ᠲᠦᠷᠦᠯ ᠵᠦᠢᠯ ᠢᠶᠠᠷ ᠲᠣᠭᠲᠠᠭᠠᠬᠤ ᠨᠡᠷᠡᠰ ᠢ ᠨᠡᠶᠢᠲᠡᠯᠡᠵᠦ᠂ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ᠂ ᠡᠨᠧᠷᠭᠢ ᠨᠥᠭᠡᠴᠡᠯᠡᠬᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠵᠡᠷᠭᠡ ᠬᠦᠷᠢᠶᠡᠨ ᠳᠤ ᠮᠡᠷᠭᠡᠵᠢᠯ ᠤᠨ ᠰᠢᠪᠲᠤᠯᠤᠯᠲᠠ ᠶᠢ ᠡᠷᠢᠯᠬᠢᠯᠡᠵᠦ᠂ 10 ᠲᠥᠷᠥᠯ ᠵᠦᠢᠯ ᠢ ᠵᠥᠪᠰᠢᠶᠡᠷᠡᠨ ᠬᠡᠷᠡᠭᠵᠢᠭᠦᠯᠪᠡ᠃      ︽ᠲᠣᠮᠣ ᠬᠦᠷᠢᠶᠡᠯᠡᠩ ᠲᠣᠮᠣ ᠭᠠᠵᠠᠷ︾ ᠢ ᠣᠷᠣᠭᠤᠯᠤᠨ ᠠᠪᠴᠢᠷᠠᠵᠤ᠂ ︽ᠬᠠᠮᠤᠭ ᠤᠨ ᠬᠦᠴᠦᠷᠬᠡᠭ ᠣᠶᠤᠨ ᠤ ᠬᠥᠮᠥᠷᠭᠡ︾ ᠶᠢ ᠬᠤᠷᠠᠮᠳᠤᠭᠤᠯᠪᠠ᠃ 7 ᠰᠠᠷ᠎ᠠ ᠶᠢᠨ 26 ᠤ ᠡᠳᠦᠷ᠂ ᠣᠷᠳᠣᠰ ᠤᠨ ᠰᠢᠨ᠎ᠡ ᠡᠨᠧᠷᠭᠢ ᠶᠢᠨ ᠰᠤᠳᠤᠯᠭᠠᠨ ᠤ ᠬᠦᠷᠢᠶᠡᠯᠡᠩ ᠵᠢᠩᠬᠢᠨᠢ ᠪᠠᠷ ᠠᠵᠢᠯ ᠡᠬᠢᠯᠡᠵᠦ᠂ ᠪᠣᠬᠢᠷᠳᠤᠯ ᠦᠭᠡᠢ ᠤᠰᠤᠲᠥ᠋ᠷᠥᠭᠴᠢ ᠡᠨᠧᠷᠭᠢ᠂ ᠣᠶᠤᠨᠴᠢ ᠡᠨᠧᠷᠭᠢ᠂ ᠣᠶᠤᠨᠲᠤ ᠴᠠᠭᠢᠯᠭᠠᠨ ᠭᠦᠳᠡᠯᠭᠡᠭᠦᠷᠲᠦ ᠲᠡᠷᠭᠡ ᠪᠠ ᠮᠠᠰᠢᠨ ᠬᠥᠮᠥᠨ ᠤ ᠲᠣᠭᠤᠷᠢᠨ ᠳᠤ ᠳᠡᠯᠡᠬᠡᠢ ᠶᠢᠨ ᠰᠢᠨ᠎ᠡ ᠡᠨᠧᠷᠭᠢ ᠵᠢᠴᠢ ᠬᠡᠷᠡᠭᠯᠡᠭᠡᠨ ᠤ ᠬᠤᠰᠢᠭᠤᠷᠠᠯ ᠮᠡᠷᠭᠡᠵᠢᠯ ᠢ ᠦᠷᠭᠦᠯᠵᠢᠯᠡᠨ ᠰᠢᠨᠵᠢᠯᠡᠨ ᠮᠥᠷᠳᠡᠪᠡ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠬᠦ ᠪᠠᠷ ᠠᠵᠠ ᠲᠣᠭᠢᠶᠠᠯ ᠪᠤᠯᠭᠠᠵᠤ᠂ ᠥᠪᠥᠷ ᠮᠣᠩᠭᠤᠯ ︽ᠰᠠᠯᠬᠢᠨ ᠬᠦᠴᠦᠨ ᠤ ᠡᠨᠧᠷᠭᠢ ᠭᠡᠷᠡᠯᠴᠢ ᠴᠡᠨᠡᠭ ᠤᠰᠤᠲᠥ᠋ᠷᠥᠭᠴᠢ ᠡᠨᠧᠷᠭᠢ ᠪᠠ ᠡᠨᠧᠷᠭᠢ ᠨᠥᠭᠡᠴᠡᠯᠡᠬᠦ︾ ᠪᠦᠷᠢᠨ ᠲᠣᠨᠣᠭᠯᠠᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠪᠠ᠃      ᠠᠷᠠᠭᠠᠲᠤ ᠬᠦᠷᠳᠦᠨ ᠬᠠᠶᠢᠷᠴᠠᠭ ᠪᠣᠯ ᠦᠯᠢᠶᠡᠭᠦᠷ ᠮᠠᠰᠢᠨ ᠤ ︽ᠵᠢᠷᠦᠬᠡ︾᠂ ᠦᠯᠢᠶᠡᠭᠦᠷ ᠮᠠᠰᠢᠨ ᠤ ᠨᠠᠶᠢᠳᠠᠪᠤᠷᠢᠲᠤ ᠴᠢᠨᠠᠷ ᠢ ᠲᠣᠭᠲᠠᠭᠠᠬᠤ ᠭᠤᠣᠯ ᠲᠣᠨᠤᠭ ᠶᠤᠮ᠃ 9 ᠰᠠᠷ᠎ᠠ ᠶᠢᠨ 26 ᠤ ᠡᠳᠦᠷ᠂ ᠶᠤᠸᠠᠨ ᠵᠢᠩ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶᠤᠨᠲᠤ ᠦᠯᠢᠶᠡᠭᠦᠷ ᠮᠠᠰᠢᠨ ᠪᠣᠯᠣᠨ ᠠᠷᠠᠭᠠᠲᠤ ᠬᠦᠷᠳᠦᠨ ᠬᠠᠶᠢᠷᠴᠠᠭ ᠤᠨ ᠨᠡᠶᠢᠯᠡᠮᠡᠯ ᠦᠢᠯᠡᠳᠪᠦᠷᠢ ᠶᠢᠨ ᠠᠩᠬᠠᠳᠠᠭᠴᠢ ᠦᠢᠯᠡᠳᠬᠦᠨ ᠪᠤᠭᠤᠲᠤ ᠶᠢᠨ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ᠠᠰᠢᠭᠯᠠᠯᠲᠠ ᠳᠤ ᠣᠷᠣᠪᠠ᠂ ᠡᠨᠡ ᠨᠢ ᠥᠪᠥᠷ ᠮᠣᠩᠭᠤᠯ ᠤᠨ ᠠᠩᠬᠠᠳᠠᠭᠴᠢ ᠲᠣᠮᠣ ᠮᠧᠭ᠎ᠠ ᠸᠠᠲ ᠤᠨ ᠥᠪᠡᠰᠦᠪᠡᠨ ᠰᠤᠳᠤᠯᠵᠤ ᠥᠪᠡᠰᠦᠪᠡᠨ ᠬᠡᠷᠡᠭᠯᠡᠬᠦ ᠳᠡᠭᠡᠳᠦ ᠰᠢᠨ᠎ᠡ ᠣᠶᠤᠨᠲᠤ ᠠᠷᠠᠭᠠᠲᠤ ᠬᠦᠷᠳᠦᠨ ᠬᠠᠶᠢᠷᠴᠠᠭ ᠤᠨ ᠲᠥᠷᠥᠯ ᠵᠦᠢᠯ ᠠᠮᠵᠢᠯᠲᠠ ᠲᠠᠢ ᠪᠠᠷ ᠠᠰᠢᠭᠯᠠᠯᠲᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ︽ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ ᠵᠢᠱᠢᠶ᠎ᠡ ᠦᠵᠡᠭᠦᠯᠭᠦ ᠲᠣᠨᠣᠭᠯᠠᠯ︾ ᠨᠢ ᠬᠥᠮᠥᠰ ᠤᠨ ᠠᠩᠬᠠᠷᠤᠯ ᠢ ᠲᠠᠲᠠᠨ᠎ᠠ᠃ ︽ᠡᠨᠡ ᠪᠣᠯ ᠵᠠᠬ᠎ᠠ ᠳᠡᠯᠭᠡᠭᠦᠷ ᠤᠨ ᠬᠤᠭᠤᠰᠤᠨ ᠢ ᠨᠥᠬᠦᠪᠦᠷᠢᠯᠡᠬᠦ ᠮᠡᠷᠭᠡᠵᠢᠯ ᠪᠣᠯᠣᠨ᠎ᠠ᠃ ᠪᠤᠰᠤᠳ ᠤᠰᠤᠲᠥ᠋ᠷᠥᠭᠴᠢ ᠬᠠᠳᠠᠭᠠᠯᠠᠬᠤ ᠲᠥᠬᠦᠭᠡᠷᠦᠮᠵᠢ ᠲᠠᠢ ᠬᠠᠷᠢᠴᠠᠭᠤᠯᠪᠠᠯ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ ᠨᠢ ᠠᠶᠤᠯᠭᠦᠢ ᠴᠢᠨᠠᠷ ᠢᠶᠠᠷ ᠨᠠᠩ ᠥᠨᠳᠥᠷ᠂ ᠠᠳᠠᠯᠢ ᠡᠵᠡᠯᠡᠬᠦᠨ ᠳᠤ ᠨᠢᠭᠲᠠᠴᠠ ᠨᠢ ᠨᠠᠩ ᠶᠡᠭᠡ ᠪᠠᠶᠢᠵᠤ᠂ ᠤᠰᠤᠲᠥ᠋ᠷᠥᠭᠴᠢ ᠶᠢ ᠬᠡᠢ ᠲᠥᠯᠥᠪᠵᠢᠭᠦᠯᠦᠨ ᠬᠠᠳᠠᠭᠠᠯᠠᠬᠤ ᠶᠢᠨ 3 ᠠᠴᠠ 5 ᠳᠠᠭᠢᠨ ᠪᠠᠶᠢᠵᠤ᠂ ᠤᠰᠤᠲᠥ᠋ᠷᠥᠭᠴᠢ ᠨᠡᠮᠡᠬᠦ ᠥᠷᠲᠡᠭᠡ᠂ ᠠᠵᠤ ᠦᠢᠯᠡᠳᠪᠦᠷᠢ ᠶᠢᠨ ᠤᠰᠤᠲᠥ᠋ᠷᠥᠭᠴᠢ ᠶᠢ ᠡᠭᠡᠭᠦᠯᠦᠨ ᠬᠤᠷᠢᠶᠠᠬᠤ᠂ ᠬᠦᠨᠳᠦ ᠭᠡᠯᠪᠡᠷᠢ ᠶᠢᠨ ᠠᠴᠢᠶᠠᠨ ᠤ ᠮᠠᠰᠢᠨ ᠵᠡᠷᠭᠡ ᠤᠰᠤᠲᠥ᠋ᠷᠥᠭᠴᠢ ᠬᠡᠷᠡᠭᠯᠡᠬᠦ ᠬᠦᠷᠢᠶᠡᠨ ᠳᠤ ᠥᠷᠭᠡᠨ ᠢᠶᠠᠷ ᠬᠡᠷᠡᠭᠯᠡᠵᠦ ᠪᠣᠯᠣᠨ᠎ᠠ︾ ᠭᠡᠵᠦ ᠲᠤᠰ ᠲᠥᠪ ᠤᠨ ᠶᠡᠷᠦᠩᠬᠡᠢ ᠳᠠᠭᠠᠭᠠᠮᠠᠯ ᠯᠢᠦ ᠸᠧᠢ ᠲᠠᠨᠢᠯᠴᠠᠭᠤᠯᠪᠠ᠃      ᠰᠢᠨ᠎ᠡ ᠶᠢ ᠡᠭᠦᠳᠬᠦ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠳᠠᠶᠢᠴᠢᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠴᠣ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠲᠠᠬᠢ ︽ᠰᠢᠨ᠎ᠡ︾ ᠶᠢᠨ ᠬᠡᠮᠵᠢᠶ᠎ᠡ ᠨᠠᠩ ᠥᠨᠳᠥᠷ᠂ ︽ᠴᠢᠨᠠᠷ︾ ᠤᠨ ᠬᠡᠮᠵᠢᠶ᠎ᠡ ᠨᠠᠩ ᠭᠦᠢᠴᠡᠳ ᠪᠣᠯᠪᠠ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 41.8% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠭᠰᠡᠨ ᠥᠨᠳᠥᠷ ᠰᠠᠭᠤᠷᠢᠨ ᠳᠡᠭᠡᠷ᠎ᠡ ᠦᠷᠭᠦᠯᠵᠢᠯᠡᠨ 31.6% ᠪᠠᠷ ᠨᠡᠮᠡᠭᠳᠡᠪᠡ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠲᠥᠯᠥᠨ ᠳᠠᠭᠠᠭᠤᠯᠬᠤ ᠦᠢᠯᠡᠳᠦᠯ ᠤᠨ ᠭᠠᠪᠢᠶ᠎ᠠ ᠶᠢ ᠨᠢ ᠣᠷᠣᠯᠠᠭᠤᠯᠵᠤ ᠲᠡᠶᠢᠯᠭᠦ ᠦᠭᠡᠢ ᠶᠤᠮ᠃      ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠵᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ ᠢ ᠳᠠᠭᠢᠨ ᠪᠠᠶᠢᠭᠤᠯᠬᠤ︾ ᠪᠠᠷ ᠴᠢᠷᠮᠠᠶᠢᠬᠤ ᠪᠣᠯ ᠥᠪᠥᠷ ᠮᠣᠩᠭᠤᠯ ᠤᠨ ︽ᠬᠤᠣᠰ ᠨᠡᠭᠦᠷᠡᠰᠦᠲᠥ᠋ᠷᠥᠭᠴᠢ︾ ᠶᠢᠨ ᠠᠬᠤᠢ ᠪᠠᠶᠢᠳᠠᠯ ᠳᠣᠣᠷ᠎ᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠵᠠᠶᠢᠯᠠᠰᠢ ᠦᠭᠡᠢ ᠰᠣᠩᠭᠤᠯᠲᠠ ᠪᠣᠯᠣᠨ᠎ᠠ᠃ ᠥᠪᠥᠷ ᠮᠣᠩᠭᠤᠯ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠲᠥᠪ ᠤᠨ ᠶᠡᠷᠦᠩᠬᠡᠢ ᠠᠵᠤ ᠠᠬᠤᠶᠢᠴᠢ ᠰᠧ ᠶᠦᠩ ᠮᠧᠢ᠂ ᠣᠳᠣᠬᠠᠨ ᠳᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠂ ᠭᠡᠪᠡᠴᠦ ᠪᠠᠰᠠ ᠦᠰᠦᠨ ᠪᠤᠶᠢᠵᠢᠯᠲᠠ ᠶᠢᠨ ᠲᠦᠪᠡᠭᠳᠡᠯ ᠳᠤ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠬᠡᠰᠡᠭ ᠬᠦᠷᠢᠶᠡᠨ ᠤ ᠠᠵᠤ ᠦᠢᠯᠡᠰ ᠤᠨ ᠳᠡᠰ ᠳᠠᠪᠬᠤᠷᠭ᠎ᠠ ᠳᠣᠣᠷ᠎ᠠ᠂ ᠠᠵᠤ ᠦᠢᠯᠡᠰ ᠤᠨ ᠬᠡᠯᠬᠢᠶ᠎ᠡ ᠪᠦᠷᠢᠨ ᠪᠤᠰᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠨᠡᠯᠢᠶᠡᠳ ᠪᠠᠭᠤᠷᠠᠢ ᠪᠠᠶᠢᠨ᠎ᠠ᠃ ᠡᠶᠢᠮᠦ ᠠᠴᠠ᠂ ᠡᠷᠬᠡᠪᠰᠢ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠦᠷᠢᠯᠡᠵᠦ᠂ ᠠᠵᠤ ᠦᠢᠯᠡᠰ ᠤᠨ ᠰᠠᠭᠤᠷᠢ᠂ ᠣᠷᠣᠨ ᠪᠠᠶᠢᠷᠢᠯᠠᠯ ᠤᠨ ᠨᠥᠬᠦᠴᠡᠯ᠂ ᠡᠬᠢ ᠪᠠᠶᠠᠯᠢᠭ ᠤᠨ ᠣᠨᠴᠠᠯᠢᠭ ᠵᠡᠷᠭᠡ ᠡᠯᠧᠮᠧᠨ᠋ᠲ ᠢ ᠨᠢᠭᠡᠳᠦᠯᠲᠡᠢ ᠲᠥᠯᠥᠪᠵᠢᠭᠦᠯᠵᠦ᠂ ᠨᠡᠩ ᠤᠯᠠᠨ ︽ᠬᠡᠯᠬᠢᠶ᠎ᠡ ᠶᠢᠨ ᠳᠠᠭᠠᠭᠤᠯᠤᠭᠴᠢ︾ ᠠᠵᠤ ᠠᠬᠤᠶᠢᠯᠠᠯ ᠪᠣᠯᠣᠨ ᠢᠵᠢ ᠪᠦᠷᠢᠳᠦᠭᠦᠯᠦᠭᠰᠡᠨ ︽ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠬᠵᠢᠬᠰᠠᠨ ᠰᠢᠨ᠎ᠡ︾ ᠳᠤᠮᠳᠠ ᠪᠠᠭ᠎ᠠ ᠠᠵᠤ ᠠᠬᠤᠶᠢᠯᠠᠯ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠦᠵᠡᠪᠡ᠃      ᠦᠵᠡᠰᠬᠦᠯᠡᠩᠲᠦ ᠰᠠᠶᠢᠬᠠᠨ ᠤᠮᠠᠷᠠᠲᠤ ᠬᠢᠯᠢ᠂ ᠰᠢᠨ᠎ᠡ ᠡᠨᠧᠷᠭᠢ ᠶᠢᠨ ᠠᠵᠤ ᠦᠢᠯᠡᠰ ᠢᠶᠠᠷ ᠤᠳᠤᠷᠢᠳᠤᠮᠵᠢ ᠪᠤᠯᠭᠠᠵᠤ᠂ ︽ᠪᠣᠬᠢᠷᠳᠤᠯ ᠦᠭᠡᠢ︾ ᠶᠢ ᠬᠥᠭᠡᠭᠡᠴᠡᠯᠳᠦᠨ ᠤᠷᠤᠭᠰᠢᠯᠠᠬᠤ ᠬᠥᠭᠵᠢᠯᠲᠡ ᠶᠢᠨ ᠶᠡᠭᠡ ᠤᠷᠤᠰᠬᠠᠯ ᠣᠶᠢᠯᠤᠨ ᠳᠠᠪᠠᠯᠭᠠᠯᠠᠵᠤ᠂ ᠲᠦᠮᠡᠨ ᠦᠵᠡᠮᠵᠢ ᠲᠡᠭᠦᠰ ᠪᠦᠷᠢᠳᠦᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号