ᠤᠯᠠᠨ ᠲᠦᠮᠡᠨ ᠤ ᠮᠥᠩᠭᠦᠨ ᠭᠦᠢᠯᠭᠡᠭᠡᠨ ᠤ ᠮᠡᠳᠡᠯᠭᠡ ᠶᠢᠨ ᠲᠦᠪᠰᠢᠨ ᠪᠣᠯᠣᠨ ᠠᠶᠤᠯ ᠲᠦᠭᠰᠢᠭᠦᠷᠢ ᠶᠢ | ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠤᠯᠠᠨ ᠲᠦᠮᠡᠨ ᠢ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ | ᠮᠡᠭᠡ ᠠᠴᠠ ᠵᠠᠶᠢᠳᠠᠭᠤᠯᠵᠤ᠂ ᠠᠮᠤᠷ ᠲᠦᠪᠰᠢᠨ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ | 1 ᠰᠠᠷ᠎ᠠ ᠶᠢᠨ 29 ᠤ ᠡᠳᠦᠷ ᠦᠴᠦᠸᠠᠨ ᠰᠢᠶᠠᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | ᠠᠷᠠᠳ ᠤᠨ ᠪᠠᠩᠬᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠵᠠᠬ᠎ᠠ ᠳᠡᠯᠭᠡᠭᠦᠷ ᠤᠨ ᠲᠣᠪᠴᠢᠶ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ ᠠᠯᠪᠠᠨ ᠭᠡᠷ ᠵᠡᠷᠭᠡ ᠨᠢᠭᠡᠴᠢ ᠶᠢ | ᠵᠣᠬᠢᠶᠠᠨ ᠪᠠᠶᠢᠭᠤᠯᠵᠤ ︽ᠵᠣᠭᠤᠰᠣᠨ ᠤᠭᠤᠲᠠ ᠪᠠᠨ ᠰᠠᠶᠢᠲᠤᠷ ᠰᠠᠬᠢᠵᠤ ᠵᠣᠯ ᠵᠢᠷᠭᠠᠯᠲᠤ ᠭᠡᠷ ᠪᠦᠯᠢ ᠪᠠᠨ ᠰᠠᠶᠢᠲᠤᠷ | ᠬᠠᠮᠠᠭᠠᠯᠠᠬᠤ︾ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠨ᠂ ᠠᠷᠠᠳ ᠣᠯᠠᠨ ᠤ ︽ᠵᠣᠭᠤᠰᠣᠨ | ᠤᠭᠤᠲᠠ︾ ᠶᠢ ᠰᠠᠶᠢᠲᠤᠷ ᠰᠠᠬᠢᠨ ᠬᠠᠮᠠᠭᠠᠯᠠᠪᠠ᠃ | | | | | | ᠠᠵᠢᠯᠯᠠᠭ᠎ᠠ ᠶᠢᠨ ᠳᠤᠮᠳᠠ᠂ ᠡᠯ᠎ᠡ ᠪᠠᠶᠢᠭᠤᠯᠤᠯᠭ᠎ᠠ ᠶᠢᠨ ᠠᠵᠢᠯᠲᠠᠳ ᠶᠠᠩ ᠭᠤᠸᠠᠩ ᠲᠣᠭᠤᠷᠢᠭ ᠪᠣᠯᠣᠨ ᠺᠧ | ᠺᠧ ᠴᠡᠴᠡᠷᠯᠢᠭ ᠤᠨ ᠲᠣᠭᠤᠷᠢᠭ ᠲᠤ ᠬᠦᠷᠴᠦ᠂ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠬᠠᠭᠤᠳᠠᠰᠤ᠂ | ᠤᠬᠠᠭᠤᠯᠭ᠎ᠠ ᠶᠢᠨ ᠭᠠᠷ ᠳᠡᠪᠲᠡᠷ ᠪᠣᠯᠣᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠷᠢᠶ᠎ᠠ ᠶᠢ | ᠳᠠᠷᠤᠮᠠᠯᠯᠠᠭᠰᠠᠨ ᠪᠥᠰ ᠤᠭᠤᠲᠠ ᠵᠡᠷᠭᠡ ᠤᠬᠠᠭᠤᠯᠭ᠎ᠠ ᠶᠢᠨ ᠡᠳ᠋ ᠪᠣᠳᠠᠰ ᠢ ᠲᠠᠷᠬᠠᠭᠠᠵᠤ᠂ ᠡᠭᠦᠨ ᠤ ᠬᠠᠮᠲᠤ | ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠨ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠴᠠᠬᠢᠯᠭᠠᠨ ᠬᠤᠯᠪᠣᠭ᠎ᠠ ᠪᠠᠷ | ᠮᠡᠬᠡᠯᠡᠬᠦ ᠪᠠ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠭᠤᠣᠯ ᠣᠨᠴᠠᠯᠢᠭ ᠪᠠ ᠠᠷᠭ᠎ᠠ ᠪᠠᠷᠢᠯ ᠢ ᠤᠯᠠᠨ | ᠲᠦᠮᠡᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ | ᠠᠶᠤᠯ ᠲᠦᠭᠰᠢᠭᠦᠷᠢ ᠶᠢ ᠰᠡᠷᠭᠡᠶᠢᠯᠡᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠤᠢ | ᠪᠣᠯᠭᠠᠵᠤ᠂ ᠤᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ ᠬᠠᠤᠯᠢ ᠶᠣᠰᠣᠭᠠᠷ ᠡᠷᠬᠡ ᠪᠠᠨ | ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ | ᠵᠢᠶ᠋ᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |