ᠠᠮᠤᠷ ᠲᠦᠪᠰᠢᠨ ᠤ ︽ᠬᠠᠮᠠᠭᠠᠯᠠᠯᠲᠠ ᠶᠢᠨ ᠬᠡᠷᠡᠮ︾ ᠢ ᠪᠠᠲᠤ ᠴᠣᠭᠴᠠᠯᠠᠵᠤ ᠵᠢᠯ ᠤᠨ ᠰᠡᠭᠦᠯᠴᠢ ᠶᠢᠨ ︽ᠠᠮᠤᠷ ᠲᠦᠪᠰᠢᠨ ᠤ ᠲᠣᠣᠷ︾ ᠢ ᠪᠠᠲᠤ ᠰᠠᠬᠢᠨ᠎ᠠ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 31 ᠤ ᠡᠳᠦᠷ᠂ ᠰᠤᠷᠪᠤᠯᠵᠢᠯᠠᠭᠴᠢ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠰᠢᠶᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠶᠡᠭᠡ ᠠᠩᠭᠢ ᠶᠢ ᠳᠠᠭᠠᠵᠤ ᠮᠠᠨ ᠤ ᠰᠢᠶᠠᠨ ᠤ ᠡᠯ᠎ᠡ ᠬᠤᠸᠠᠷ ᠫᠤᠤᠵᠢᠩ ᠬᠤᠳᠠᠯᠳᠤᠬᠤ ᠭᠠᠵᠠᠷ᠂ ᠬᠤᠳᠠᠯᠳᠤᠭᠠᠨ ᠤ ᠲᠠᠯᠠᠪᠤᠷ᠂ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠲᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠲᠠ ᠬᠢᠪᠡ᠃ ᠡᠯ᠎ᠡ ᠲᠥᠷᠥᠯ ᠤᠨ ᠠᠮᠤᠷ ᠲᠦᠪᠰᠢᠨ ᠤ ︽ᠬᠠᠮᠠᠭᠠᠯᠠᠯᠲᠠ ᠶᠢᠨ ᠬᠡᠷᠡᠮ︾ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠵᠢᠯ ᠤᠨ ᠡᠴᠦᠰ ᠤᠨ ︽ᠠᠮᠤᠷ ᠲᠦᠪᠰᠢᠨ ᠤ ᠲᠣᠣᠷ︾ ᠢ ᠪᠠᠲᠤ ᠰᠠᠬᠢᠵᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠡᠰᠡᠬᠦ᠂ ᠭᠠᠯ ᠤᠨ ᠭᠠᠮᠰᠢᠭ ᠤᠨ ᠲᠦᠭᠰᠢᠭᠦᠷᠢ ᠮᠡᠳᠡᠭᠡᠯᠡᠬᠦ ᠡᠵᠡᠮᠳᠡᠯ ᠤᠨ ᠰᠢᠰᠲ᠋ᠧᠮ ᠤᠨ ᠬᠡᠪ ᠤᠨ ᠪᠠᠶᠢᠬᠤ ᠡᠰᠡᠬᠦ᠂ ᠬᠤᠸᠠᠷ ᠫᠤᠤᠵᠢᠩ ᠬᠤᠳᠠᠯᠳᠤᠬᠤ ᠭᠠᠵᠠᠷ ᠲᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠵᠠᠮ ᠰᠠᠭᠠᠳ ᠦᠭᠡᠢ ᠨᠡᠪᠲᠡᠷᠡᠭᠰᠡᠨ ᠡᠰᠡᠬᠦ ᠵᠡᠷᠭᠡ ᠠᠯᠢ ᠣᠯᠠᠨ ᠠᠰᠠᠭᠤᠳᠠᠯ ᠤᠨ ᠲᠣᠭᠤᠷᠢᠨ ᠳᠤ ᠲᠤᠰᠬᠠᠢ ᠪᠠᠶᠢᠴᠠᠭᠠᠯᠲᠠ ᠥᠷᠨᠢᠭᠦᠯᠵᠦ᠂ ᠢᠯᠡᠷᠡᠭᠦᠯᠦᠭᠰᠡᠨ ᠳᠠᠯᠳᠠ ᠬᠡᠮ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠰᠠᠨᠠᠯ ᠱᠠᠭᠠᠷᠳᠠᠯᠭ᠎ᠠ ᠶᠢ ᠨᠢᠭᠡᠳ ᠨᠢᠭᠡ ᠪᠠᠷ ᠳᠤᠷᠠᠳᠤᠨ ᠭᠠᠷᠭᠠᠪᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号