ᠮᠠᠨ ᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 1000 ᠶᠢ ᠳᠠᠪᠠᠪᠠ
ᠨᠡᠶᠢᠲᠡᠯᠡᠭᠰᠡᠨ ᠴᠠᠭ᠄
2024/2/15
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ︽2023 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠪᠦᠷᠢᠳᠬᠡᠨ ᠳᠠᠩᠰᠠᠯᠠᠭᠤᠯᠤᠭᠰᠠᠨ ᠨᠡᠷᠡᠰ︾ ᠢ  ᠨᠡᠶᠢᠲᠡᠯᠡᠪᠡ᠃ ᠡᠭᠦᠨ   ᠳᠤ᠂ ︽ᠸᠧᠢ ᠺᠧ ᠱᠧᠩ ᠠᠮᠢᠲᠠᠨ ᠤ ᠴᠢᠰᠤᠨ ᠤ  ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠥᠪ︾᠂ ︽ᠥᠪᠥᠷ ᠮᠣᠩᠭᠤᠯ ᠤᠨ ᠰᠠᠨᠰᠠᠷᠴᠢᠨ ᠴᠢᠴᠠᠷᠭᠠᠨ᠎ᠠ  ᠶᠢᠨ ᠰᠤᠳᠤᠯᠤᠨ ᠨᠡᠭᠡᠭᠡᠬᠦ ᠲᠥᠪ︾ ᠵᠡᠷᠭᠡ  ᠥᠪᠡᠷᠲᠡᠭᠡᠨ ᠵᠠᠰᠠᠬᠤ ᠣᠷᠣᠨ ᠤ 254 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠰᠢᠨ᠎ᠡ ᠪᠠᠷ ᠪᠦᠷᠢᠳᠬᠡᠯᠭᠡᠨ ᠳᠠᠩᠰᠠᠯᠠᠭᠤᠯᠵᠤ᠂ ᠮᠠᠨ ᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠨᠡᠶᠢᠲᠡ1034 ᠪᠣᠯᠤᠭᠰᠠᠨ ᠪᠠᠶᠢᠨ᠎ᠠ᠃ ᠪᠦᠷᠢᠳᠬᠡᠯᠭᠡᠨ ᠳᠠᠩᠰᠠᠯᠠᠭᠤᠯᠤᠭᠰᠠᠨ ᠰᠤᠳᠤᠯᠤᠨ ᠨᠡᠭᠡᠭᠡᠬᠦ ᠲᠥᠪ ᠨᠢ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠯᠧᠺᠲᠷᠣᠨ ᠮᠡᠳᠡᠭᠡ ᠵᠠᠩᠭᠢ᠂ ᠰᠢᠨ᠎ᠡ ᠡᠨᠧᠷᠭᠢ ᠵᠡᠷᠭᠡ ᠤᠯᠠᠨ ᠬᠦᠷᠢᠶ᠎ᠡ ᠬᠡᠪᠴᠢᠶ᠎ᠡ ᠳᠤ ᠬᠤᠯᠪᠣᠭᠳᠠᠵᠤ᠂ ᠪᠦᠭᠦ ᠣᠷᠣᠨ ᠤ  ᠡᠯ᠎ᠡ ᠠᠶᠢᠮᠠᠭ ᠬᠤᠲᠠ ᠶᠢ ᠬᠠᠮᠤᠷᠴᠠᠢ᠃      ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠪᠠᠶᠢᠭᠤᠯᠬᠤ ᠨᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠴᠢᠳᠠᠪᠤᠷᠢ ᠶᠢ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠳᠤ ᠠᠰᠢᠭᠲᠠᠢ ᠶᠤᠮ᠃      ᠣᠶᠢᠯᠠᠭᠠᠭᠰᠠᠨ ᠢᠶᠠᠷ ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ᠠᠵᠢᠯᠯᠠᠭ᠎ᠠ ᠶᠢ ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠵᠤ ᠪᠤᠢ᠃ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ︽ᠬᠤᠣᠰ ᠳᠠᠭᠢᠨ ᠢᠶᠠᠷ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠭᠦ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠬᠦᠴᠦᠨ ᠵᠦᠢᠯ ᠢ ᠠᠵᠤ ᠠᠬᠤᠶᠢᠯᠠᠯ ᠲᠡᠶᠢᠰᠢ ᠲᠥᠪᠯᠡᠷᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠬᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ  ᠬᠠᠮᠲᠤᠷᠠᠯᠴᠠᠭ᠎ᠠ ᠶᠢ ᠵᠣᠷᠢᠭᠵᠢᠭᠤᠯᠬᠤ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂  ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠴᠢᠬᠤᠯᠠ ᠲᠤᠯᠭᠠᠭᠤᠷᠢᠯᠠᠯ ᠬᠠᠩᠭᠠᠪᠠ᠃ ᠡᠭᠦᠨ ᠳᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠨᠡᠶᠢᠲᠡ 2748 ᠬᠥᠮᠥᠨ ᠢ ᠰᠣᠩᠭᠤᠨ ᠲᠣᠮᠢᠯᠠᠵᠤ᠂ 6929 ᠰᠢᠨᠵᠢᠯᠡᠬᠦ ᠤᠬᠠᠭᠠᠨ ᠲᠧᠭᠨᠢᠭ  ᠮᠡᠷᠭᠡᠵᠢᠯ ᠤᠨ ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号