ᠮᠠᠨ ᠤ ᠣᠷᠣᠨ ᠤ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ
ᠨᠡᠶᠢᠲᠡᠯᠡᠭᠰᠡᠨ ᠴᠠᠭ᠄
2024/2/16
     2023 ᠣᠨ ᠳᠤ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠮᠥᠩᠭᠦᠨ ᠭᠦᠢᠯᠭᠡᠭᠡᠨ  ᠤ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠶᠠᠰᠤ ᠴᠢᠨᠠᠷ ᠢ ᠲᠡᠭᠡᠭᠰᠢᠯᠡᠭᠦᠯᠵᠤ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠢᠲᠡᠭᠡᠮᠵᠢᠲᠦ ᠵᠢᠭᠡᠯᠡᠯᠭᠡ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃      ᠣᠶᠢᠯᠠᠭᠠᠭᠰᠠᠨ ᠢᠶᠠᠷ᠂  2023 ᠣᠨ ᠳᠤ ᠮᠠᠨ ᠤ ᠣᠷᠣᠨ ᠤ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠢ ᠳᠤ ᠲᠠᠷᠬᠠᠭᠠᠭᠰᠠᠨ ᠵᠢᠭᠡᠯᠡᠯᠭᠡ 2074 .7 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠲᠠᠷᠬᠠᠭᠠᠭᠰᠠᠨ ᠡᠯ᠎ᠡ ᠵᠦᠢᠯ ᠤᠨ ᠵᠢᠭᠡᠯᠡᠯᠭᠡ ᠶᠢᠨ ᠰᠢᠨ᠎ᠡ ᠪᠠᠷ ᠨᠡᠮᠡᠭᠳᠡᠭᠰᠡᠨ ᠬᠡᠮᠵᠢᠶᠡᠨ ᠤ 67% ᠶᠢ ᠡᠵᠡᠯᠡᠵᠦ᠂ 2022 ᠣᠨ ᠤ ᠬᠢ ᠠᠴᠠ ᠢᠯᠡᠭᠦᠦ 652.8 ᠳ᠋ᠦᠩᠰᠢᠭᠤᠷ ᠲᠥᠭᠦᠷᠢᠭ ᠨᠡᠮᠡᠭᠳᠡᠪᠡ᠂ ᠡᠭᠦᠨ ᠳᠤ ᠳᠤᠮᠳᠠ ᠣᠷᠳᠣ ᠬᠤᠭᠤᠴᠠᠭᠠᠨ ᠤ ᠵᠢᠭᠡᠯᠡᠯᠭᠡ 1380.3 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ 2022 ᠣᠨ ᠤ  ᠬᠢ ᠠᠴᠠ ᠢᠯᠡᠭᠦᠦ 409.5 ᠳ᠋ᠦᠩᠰᠢᠭᠤᠷ ᠲᠥᠭᠦᠷᠢᠭ ᠨᠡᠮᠡᠭᠳᠡᠪᠡ᠃      2023 ᠣᠨ ᠳᠤ᠂ ᠮᠠᠨ ᠤ ᠣᠷᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠤᠣᠯᠳᠠᠯᠭ᠎ᠠ ᠲᠠᠢ ᠬᠦᠷᠢᠶ᠎ᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂  ᠪᠦᠭᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠦᠢᠯᠡᠳᠬᠦ ᠦᠢᠯᠡᠰ᠂ ᠰᠠᠭᠤᠷᠢ ᠲᠥᠬᠦᠭᠡᠷᠦᠮᠵᠢ ᠶᠢᠨ ᠬᠠᠮᠢᠶ᠎ᠠ ᠪᠦᠬᠦᠢ ᠠᠵᠢᠯ ᠲᠥᠷᠥᠯ ᠳᠤ ᠲᠠᠷᠬᠠᠭᠠᠭᠰᠠᠨ ᠵᠢᠭᠡᠯᠡᠯᠭᠡ ᠲᠣᠰ ᠲᠣᠰ 254.2 ᠳ᠋ᠦᠩᠰᠢᠭᠤᠷ ᠲᠥᠭᠦᠷᠢᠭ᠂ 421.1 ᠳ᠋ᠦᠩᠰᠢᠭᠤᠷ ᠲᠥᠭᠦᠷᠢᠭ ᠪᠠ 1072 .5 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ 2022 ᠣᠨ ᠤ ᠬᠢ ᠠᠴᠠ ᠲᠣᠰ ᠲᠣᠰ 99.4 ᠳ᠋ᠦᠩᠰᠢᠭᠤᠷ ᠲᠥᠭᠦᠷᠢᠭ᠂ 77.3 ᠳ᠋ᠦᠩᠰᠢᠭᠤᠷ ᠲᠥᠭᠦᠷᠢᠭ ᠪᠠ 599.8 ᠳ᠋ᠦᠩᠰᠢᠭᠤᠷ ᠲᠥᠭᠦᠷᠢᠭ ᠢᠯᠡᠭᠦᠦ ᠨᠡᠮᠡᠭᠳᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠳᠡᠮᠵᠢᠪᠡ᠃      ᠡᠭᠦᠨ ᠤ ᠬᠠᠮᠲᠤ᠂ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠵᠤ᠂ 2023 ᠣᠨ ᠤ ᠡᠴᠦᠰ ᠲᠤ᠂ ᠪᠦᠭᠦ ᠣᠷᠣᠨ ᠤ ᠲᠠᠷᠢᠶᠠᠯᠠᠩ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠪᠠᠭ᠎ᠠ ᠵᠢᠵᠢᠭ ᠠᠵᠤ ᠠᠬᠤᠶᠢᠯᠠᠯ ᠪᠠ ᠲᠦᠭᠡᠮᠡᠯ ᠭᠦᠷᠳᠡᠭᠡᠮᠵᠢᠳᠤ ᠬᠦᠷᠢᠶᠡᠨ ᠳᠠᠬᠢ ᠵᠢᠭᠡᠯᠡᠯᠭᠡ ᠶᠢᠨ ᠦᠯᠡᠳᠡᠪᠦᠷᠢ ᠲᠣᠰ ᠲᠣᠰ 10982.9 ᠳ᠋ᠦᠩᠰᠢᠭᠤᠷ ᠲᠥᠭᠦᠷᠢᠭ᠂ 6788.5 ᠳ᠋ᠦᠩᠰᠢᠭᠤᠷ ᠲᠥᠭᠦᠷᠢᠭ᠂ 6335 ᠳ᠋ᠦᠩᠰᠢᠭᠤᠷ ᠲᠥᠭᠦᠷᠢᠭ ᠪᠠ 2843.2 ᠳ᠋ᠦᠩᠰᠢᠭᠤᠷ ᠲᠥᠭᠦᠷᠢᠭ ᠪᠠᠶᠢᠵᠤ᠂ 2022 ᠣᠨ ᠤ ᠬᠢ ᠠᠴᠠ ᠲᠣᠰ ᠲᠣᠰ 15%᠂ 14.4%᠂ 14.7% ᠪᠠ 21.3% ᠪᠠᠷ ᠨᠡᠮᠡᠭᠳᠡᠵᠦ᠂ ᠪᠦᠭᠦᠨ ᠢᠶᠠᠷ ᠢᠶᠠᠨ ᠲᠠᠷᠬᠠᠭᠠᠭᠰᠠᠨ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠣᠯᠵᠠᠢ᠃ ᠪᠠᠭ᠎ᠠ ᠵᠢᠵᠢᠭ ᠠᠵᠤ ᠠᠬᠤᠶᠢᠯᠠᠯ ᠪᠠ ᠲᠦᠭᠡᠮᠡᠯ ᠭᠦᠷᠳᠡᠭᠡᠮᠵᠢᠳᠤ ᠭᠤᠣᠯ ᠴᠣᠭᠴᠠ ᠶᠢᠨ 59.6 ᠲᠦᠮᠡᠨ ᠡᠷᠦᠭᠡ ᠶᠢ ᠳᠡᠮᠵᠢᠵᠦ᠂ 2022 ᠣᠨ ᠤ  ᠬᠢ ᠠᠴᠠ 14.2% ᠢᠶᠠᠷ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号