ᠮᠠᠨ ᠤ ᠣᠷᠣᠨ ᠤ ᠴᠠᠭᠠᠨ ᠰᠠᠷ᠎ᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠬᠥᠭᠵᠢᠶᠡᠨᠲᠡᠢ ᠪᠣᠯᠵᠤ 500 ᠰᠢᠬᠠᠮ ᠲᠠᠯᠠᠪᠤᠷ ᠴᠠᠭᠠᠨ ᠰᠠᠷ᠎ᠠ ᠪᠠᠨ ᠤᠭᠲᠤᠵᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠬᠠᠯᠠᠭᠤᠨ ᠥᠷᠨᠢᠯᠲᠡ ᠭᠠᠷᠴᠠᠢ
ᠨᠡᠶᠢᠲᠡᠯᠡᠭᠰᠡᠨ ᠴᠠᠭ᠄
2024/2/18
     ᠯᠣᠣ ᠵᠢᠯ ᠤᠨ ᠴᠠᠭᠠᠨ ᠰᠠᠷ᠎ᠠ ᠳᠤ᠂ ᠮᠠᠨ ᠤ ᠣᠷᠣᠨ ᠤ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠴᠥᠮ ᠨᠡᠮᠡᠭᠳᠡᠵᠦ᠂ ᠬᠤᠳᠠᠯᠳᠤᠭᠠᠨ ᠤ ᠲᠥᠪ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠶᠡᠭᠡ ᠪᠠᠭ᠎ᠠ ᠬᠠᠮ ᠳᠡᠯᠭᠡᠭᠦᠷ ᠬᠥᠮᠥᠨ ᠬᠠᠷ᠎ᠠ ᠬᠤᠷᠠᠨ ᠴᠤᠭᠯᠠᠷᠠᠵᠤ᠂ ᠭᠠᠵᠠᠷ ᠪᠣᠯᠭᠠᠨ ᠳᠤ ᠭᠦᠷ ᠬᠥᠭᠵᠢᠶᠡᠨᠲᠡᠢ ᠪᠠᠶᠢᠯ᠎ᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠪᠦᠷᠢᠳᠬᠡᠯ ᠢ ᠦᠨᠳᠦᠰᠦᠯᠡᠪᠡᠯ᠂ ᠴᠠᠭᠠᠨ ᠰᠠᠷ᠎ᠠ ᠶᠢᠨ ᠡᠮᠦᠨ᠎ᠡ ᠬᠤᠶᠢᠨ᠎ᠠ ᠮᠠᠨ ᠤ ᠣᠷᠣᠨ ᠤ ᠡᠯ᠎ᠡ ᠭᠠᠵᠠᠷ ᠤᠨ ᠬᠢᠨ 500 ᠰᠢᠬᠠᠮ ᠲᠠᠯᠠᠪᠤᠷ ᠴᠠᠭᠠᠨ ᠰᠠᠷ᠎ᠠ ᠶᠢ ᠤᠭᠲᠤᠵᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠰᠢᠨ᠎ᠡ ᠵᠢᠯ ᠤᠨ ᠳᠠᠷᠠᠭ᠎ᠠ ᠳᠠᠭᠢᠨ ᠨᠢᠭᠡ ᠤᠳᠠᠭ᠎ᠠ ᠬᠡᠷᠡᠭᠯᠡᠭᠡᠨ ᠤ ᠬᠠᠯᠠᠭᠤᠨ ᠥᠷᠨᠢᠯᠲᠡ ᠭᠠᠷᠴᠠᠢ᠃      ᠣᠷᠣᠨ ᠤ ᠲᠥᠪ ᠭᠦᠭᠡᠬᠤᠲᠠ ᠶᠢᠨ ᠬᠢᠨ ᠪᠦᠷᠢᠨ ᠪᠠᠷᠠᠭᠠᠲᠤ ᠵᠢᠵᠢᠭᠯᠡᠨ ᠪᠣᠷᠣᠯᠠᠭᠤᠯᠬᠤ᠂ ᠢᠳᠡᠭᠡᠨ ᠤᠮᠳᠠᠭᠠᠨ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠭᠤᠣᠯᠳᠠᠯᠭ᠎ᠠ ᠲᠠᠢ ᠬᠡᠷᠡᠭᠯᠡᠭᠡᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ 1 ᠰᠠᠷ᠎ᠠ ᠶᠢᠨ 20 ᠠᠴᠠ 2 ᠰᠠᠷ᠎ᠠ ᠶᠢᠨ 16 ᠤ ᠡᠳᠦᠷ ᠪᠤᠯᠲᠠᠯ᠎ᠠ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠶᠢᠨ ᠬᠠᠮᠲᠤ ︽ᠵᠤᠭ᠎ᠠ ᠴᠡᠩᠭᠡᠯᠲᠦ ᠬᠡᠷᠡᠭᠯᠡᠭᠡ᠂ ᠬᠢᠮᠳᠠ ᠬᠠᠷᠠᠭᠠᠯᠵᠠᠯᠲᠤ ᠭᠦᠭᠡᠬᠤᠳᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠡᠬᠢᠯᠡᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠲᠣᠮᠣ ᠬᠤᠳᠠᠯᠳᠤᠭᠠᠨ ᠤ ᠲᠣᠭᠤᠷᠢᠭ ᠤᠨ ᠬᠢᠨ ᠴᠠᠭᠠᠨ ᠰᠠᠷ᠎ᠠ ᠶᠢᠨ ᠬᠤᠭᠤᠴᠠᠭᠠᠨ ᠳᠤ 100 ᠭᠠᠷᠤᠢ ᠲᠠᠯᠠᠪᠤᠷ ᠤᠳᠠᠭ᠎ᠠ ᠶᠢᠨ ᠪᠣᠷᠤᠯᠠᠭᠤᠯᠭ᠎ᠠ ᠠᠬᠢᠭᠤᠯᠬᠤ ᠠᠵᠢᠯᠯᠠᠭ᠎ᠠ ᠥᠷᠨᠢᠭᠦᠯᠬᠦ ᠪᠣᠯᠣᠨ᠎ᠠ᠃ ᠪᠤᠭᠤᠲᠤ ᠬᠤᠲᠠ ᠶᠢᠨ ᠲᠣᠮᠣ ᠭᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠬᠢᠨ ᠭᠡᠷ ᠤᠨ ᠴᠠᠭᠢᠯᠭᠠᠨ ᠬᠡᠷᠡᠭᠰᠡᠯ᠂ ᠪᠦᠷᠢᠨ ᠪᠠᠷᠠᠭ᠎ᠠ᠂ ᠬᠠᠮ ᠳᠡᠯᠭᠡᠭᠦᠷ᠂ ᠢᠳᠡᠭᠡᠨ ᠤᠮᠳᠠᠭᠠᠨ ᠵᠡᠷᠭᠡ ᠡᠵᠡᠩᠨᠡᠯᠲᠡ ᠶᠢᠨ ᠪᠠᠶᠢᠳᠠᠯ ᠤᠨ ᠲᠣᠭᠤᠷᠢᠨ ᠳᠤ᠂ ᠦᠨ᠎ᠡ ᠪᠠᠭᠤᠷᠠᠭᠤᠯᠤᠨ ᠠᠰᠢᠭ ᠣᠯᠭᠤᠬᠤ᠂ ᠬᠤᠪᠢ ᠬᠤᠷᠠᠮᠳᠤᠭᠤᠯᠵᠤ ᠰᠣᠯᠢᠬᠤ᠂ ᠲᠣᠭᠤᠷᠢᠨ ᠦᠵᠡᠵᠦ ᠲᠣᠬᠯᠠᠯᠲᠠ ᠭᠠᠷᠭᠠᠬᠤ᠂ ᠬᠤᠸᠠᠷ ᠫᠤᠤᠵᠢᠩ ᠤᠨ ᠦᠵᠡᠭᠦᠯᠭᠡ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠰᠠᠶᠢᠬᠠᠨᠲᠠᠯ᠎ᠠ᠂ ᠨᠠᠨ ᠬᠠᠢ ᠴᠡᠴᠡᠷᠯᠢᠭ ᠵᠡᠷᠭᠡ ᠦᠵᠡᠮᠵᠢ ᠶᠢᠨ ᠣᠷᠣᠨ ᠨᠢ ᠮᠥᠰᠥᠨ ᠳ᠋ᠧᠩ ᠤᠨ ᠦᠵᠡᠭᠦᠯᠭᠡ᠂ ᠮᠥᠰᠥ ᠴᠠᠰᠤᠨ ᠤ ᠨᠠᠭᠠᠳᠤᠮ᠂ ᠬᠤᠸᠠᠷ ᠫᠤᠤᠵᠢᠩ ᠤᠨ ᠦᠵᠡᠭᠦᠯᠭᠡ ᠵᠡᠷᠭᠡ ᠮᠥᠰᠥ ᠴᠠᠰᠤᠨ ᠤ ᠠᠵᠢᠯᠯᠠᠭ᠎ᠠ ᠥᠷᠨᠢᠭᠦᠯᠬᠦ ᠪᠠᠷ ᠪᠤᠶ᠃ ᠬᠥᠯᠥᠨ ᠪᠤᠶᠢᠷ ᠬᠤᠲᠠ ᠶᠢᠨ ᠬᠢᠨ ᠮᠥᠰᠥ ᠴᠠᠰᠤᠨ ᠤ ᠵᠢᠭᠤᠯᠴᠢᠯᠠᠯ᠂ ᠴᠠᠭᠠᠨ ᠰᠠᠷ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ᠂ ᠬᠦᠢᠲᠡᠨ ᠭᠠᠵᠠᠷ ᠤᠨ ᠲᠣᠨᠤᠭ ᠲᠥᠬᠦᠭᠡᠷᠦᠮᠵᠢ ᠶᠢᠨ ᠲᠤᠷᠰᠢᠯᠲᠠ ᠵᠡᠷᠭᠡ ᠪᠠᠶᠠᠷ ᠳᠤᠷᠠᠰᠬᠠᠯ ᠤᠨ ᠡᠳᠦᠷ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠲᠣᠭᠤᠷᠢᠨ ᠳᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠵᠤ᠂ ᠬᠤᠲᠠ ᠬᠥᠳᠡᠭᠡ ᠶᠢ ᠬᠠᠮᠵᠢᠯᠴᠠᠭᠤᠯᠤᠨ ᠬᠥᠳᠡᠯᠦᠯᠴᠡᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 70 ᠲᠠᠯᠠᠪᠤᠷ ᠡᠷᠭᠢᠯᠡᠵᠦ᠂ ᠵᠠᠰᠠᠭ ᠪᠠᠩᠬᠢ ᠠᠵᠤ ᠠᠬᠤᠶᠢᠯᠠᠯ ᠨᠢ ᠬᠡᠷᠡᠭᠯᠡᠭᠡᠨ ᠤ ᠲᠡᠮᠳᠡᠭᠲᠦ ᠪᠠ ᠬᠡᠷᠡᠭᠯᠡᠭᠡᠨ ᠤ ᠨᠥᠬᠦᠪᠦᠷᠢ ᠮᠢᠩᠭ᠎ᠠ ᠰᠢᠬᠠᠮ ᠲᠦᠮᠡᠨ ᠲᠥᠭᠦᠷᠢᠭ ᠲᠠᠷᠬᠠᠭᠠᠵᠤ᠂ ︽ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠯᠥᠨ ᠪᠤᠶᠢᠷ ᠤᠨ ᠴᠢᠨᠠᠷ ᠰᠠᠶᠢᠲᠠᠢ ᠬᠡᠷᠡᠭᠯᠡᠭᠡ ᠶᠢ ᠡᠳ᠋ᠯᠡᠬᠦ︾ ᠶᠢ ᠠᠬᠢᠭᠤᠯᠬᠤ ᠨᠠᠷᠠᠲᠤ ᠲᠥᠷᠥᠯ ᠲᠡᠮᠳᠡᠭ ᠢ ᠬᠠᠮᠲᠤ ᠪᠠᠷ ᠡᠭᠦᠳᠬᠦ ᠪᠣᠯᠣᠨ᠎ᠠ᠃ ᠮᠠᠨ ᠤ ᠣᠷᠣᠨ ᠤ ᠪᠤᠰᠤᠳ ᠠᠶᠢᠮᠠᠭ ᠬᠤᠳᠠ ᠶᠢᠨ ᠬᠢᠨ ᠴᠤ  ᠴᠠᠭᠠᠨ ᠰᠠᠷ᠎ᠠ ᠶᠢᠨ ᠬᠡᠷᠡᠭᠯᠡᠭᠡ ᠶᠢᠨ ᠬᠥᠭᠵᠢᠶᠡᠨᠲᠦ ᠤᠯᠠᠷᠢᠯ ᠢ ᠠᠮᠵᠢᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠨ ᠭᠤᠣᠯ ᠰᠡᠳᠦᠪ᠂ ᠤᠯᠠᠨ ᠲᠠᠯᠠᠪᠤᠷ ᠤᠳᠠᠭ᠎ᠠ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︽2 ᠰᠠᠷ᠎ᠠ ᠶᠢᠨ 1 ᠤ ᠡᠳᠦᠷ ᠪᠢᠳᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠪᠠᠶᠢᠳᠠᠯ ᠦᠯᠤ ᠭᠠᠷᠬᠤ ᠶᠢ ᠪᠠᠲᠤᠯᠠᠬᠤ ᠳᠦᠷᠢᠮ ᠢ ᠡᠬᠢᠯᠡᠭᠦᠯᠵᠦ᠂ ᠣᠲᠣ ᠪᠤᠯᠲᠠᠯ᠎ᠠ ᠪᠦᠭᠦ ᠣᠷᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠨ᠎ᠠ᠃ ᠪᠢᠳᠡ ᠴᠠᠭᠠᠨ ᠰᠠᠷ᠎ᠠ ᠶᠢᠨ ᠬᠡᠷᠡᠭᠯᠡᠭᠡ ᠶᠢᠨ ᠣᠨᠴᠠᠯᠢᠭ ᠢ ᠦᠨᠳᠦᠰᠦᠯᠡᠨ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠣᠯᠳᠠᠯᠭ᠎ᠠ ᠲᠠᠢ ᠳᠡᠯᠭᠡᠭᠦᠷ ᠬᠠᠮ ᠳᠡᠯᠭᠡᠭᠦᠷ ᠤᠨ ᠪᠠᠶᠠᠷ ᠤᠨ ᠡᠳᠦᠷ ᠤᠨ ᠬᠤᠭᠤᠴᠠᠭᠠᠨ ᠳᠤ ᠬᠡᠪ ᠤᠨ ᠡᠵᠡᠩᠨᠡᠯᠲᠡ ᠬᠢᠬᠦ ᠶᠢ ᠵᠣᠷᠢᠭᠵᠢᠭᠤᠯᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠵᠢᠯᠣᠭᠤᠳᠤᠨ ᠬᠥᠮᠥᠷᠭᠡ ᠶᠢᠨ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠬᠠᠩᠭᠠᠯᠭ᠎ᠠ ᠶᠢᠨ ᠲᠥᠷᠥᠯ ᠵᠦᠢᠯ ᠢ ᠪᠠᠶᠠᠯᠢᠭᠵᠢᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠴᠠᠭᠠᠨ ᠰᠠᠷ᠎ᠠ ᠪᠠᠨ ᠪᠠᠶᠠᠷ ᠭᠦᠷ ᠲᠠᠢ ᠥᠯᠵᠡᠢ ᠪᠡᠯᠭᠡ ᠲᠠᠢ ᠥᠩᠭᠡᠷᠡᠭᠦᠯᠬᠦ ᠶᠢ ᠪᠠᠲᠤᠯᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号