ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2024/2/19
     ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ 17 ᠤ ᠣᠷᠣᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ  ᠡᠬᠢᠯᠡᠵᠦ᠂  ᠨᠡᠭᠡᠭᠡᠯᠲᠡ ᠶᠢᠨ ᠶᠣᠰᠣᠯᠠᠯ ᠨᠢ ᠲᠠᠶᠢᠰᠠᠨ ᠤ  ᠭᠤᠶᠢᠳᠠ ᠰᠠᠶᠢᠬᠠᠨ ᠭᠡᠷᠡᠯᠲᠦᠭᠦᠯᠭᠡ᠂ ᠥᠪᠡᠷᠮᠢᠴᠡ ᠲᠣᠳᠣ ᠰᠣᠳᠣᠨ ᠣᠨᠴᠠᠯᠢᠭ᠂ ᠮᠠᠰᠢᠨ ᠮᠡᠷᠭᠡᠵᠢᠯ ᠤᠨ ᠭᠠᠶᠢᠬᠠᠮᠰᠢᠭ ᠢᠶᠠᠷ ᠢᠶᠠᠨ ᠦᠵᠡᠭᠴᠢᠳ  ᠣᠯᠠᠨ ᠢ ᠪᠠᠶᠠᠷᠯᠠᠭᠤᠯᠤᠭᠰᠠᠨ ᠪᠠᠶᠢᠯ᠎ᠠ᠃        ᠲᠠᠯᠠᠪᠠᠢ ᠶᠢᠨ ᠳᠣᠲᠣᠨ᠎ᠠ ᠭᠠᠳᠠᠨᠠᠬᠢ ᠦᠵᠡᠭᠴᠢᠳ ᠪᠦᠭᠦᠳᠡᠭᠡᠷ ᠢᠶᠠᠨ ᠰᠡᠭᠦᠯᠴᠢ ᠶᠢᠨ ᠰᠧᠺᠦ᠋ᠨ᠋ᠳ᠋ ᠢ ᠬᠠᠮᠲᠤ  ᠪᠠᠷ ᠵᠡᠷᠭᠡ ᠲᠣᠭᠠᠯᠠᠵᠤ ᠳᠠᠭᠤᠰᠬᠤ ᠶᠢ  ᠳᠠᠭᠠᠯᠳᠤᠨ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠡᠬᠢᠯᠡᠵᠦ᠂ ᠡᠬᠢᠯᠡᠯᠲᠡ ᠶᠢᠨ ᠶᠣᠰᠣᠯᠠᠯ ᠨᠢ ︽ ᠣᠷᠭᠢᠯᠤᠮ᠎ᠠ ᠬᠠᠯᠠᠭᠤᠨ ᠰᠡᠳᠬᠢᠯᠭᠡ ᠪᠠᠷ ᠴᠠᠰᠤ ᠮᠥᠰᠥᠨ ᠤ ᠬᠥᠳᠡᠯᠭᠡᠭᠡᠨ ᠳᠤ ᠣᠷᠣᠯᠴᠠᠵᠤ᠂ ᠤᠮᠠᠷᠠᠲᠤ ᠨᠤᠲᠤᠭ ᠤᠨ ᠬᠦᠰᠡᠯ ᠮᠥᠷᠥᠭᠡᠳᠦᠯ ᠢ  ᠴᠣᠭᠴᠠᠯᠠᠬᠤ︾ ᠪᠠᠷ ᠭᠤᠣᠯ ᠰᠡᠳᠦᠪ ᠪᠣᠯᠭᠠᠭᠰᠠᠨ 80 ᠮᠢᠨᠦ᠋ᠲ ᠤᠨ  ᠡᠬᠢᠯᠡᠬᠦ  ᠶᠣᠰᠣᠯᠠᠯ ᠤᠨ ᠠᠵᠢᠯᠯᠠᠭ᠎ᠠ ᠪᠠ  ᠰᠣᠶᠣᠯ ᠪᠡᠶ᠎ᠡ ᠶᠢᠨ ᠲᠠᠮᠢᠷ ᠤᠨ ᠲᠣᠭᠯᠠᠯᠲᠠ ᠦᠵᠡᠭᠦᠯᠦᠭᠰᠡᠨ ᠪᠠᠶᠢᠨ᠎ᠠ᠃   ︽ᠳᠥᠭᠦᠮ ᠠᠷᠪᠢᠴᠢ ᠂ ᠠᠮᠤᠷ ᠲᠦᠪᠰᠢᠨ᠂ ᠭᠤᠶᠢᠳᠠ ᠰᠠᠶᠢᠬᠠᠨ︾ ᠪᠠᠶᠢᠬᠤ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠢ ᠪᠦᠬᠦᠯᠢ ᠴᠣᠭᠴᠠ ᠪᠠᠷ ᠨᠢ ᠠᠭᠤᠰᠤᠯᠴᠠᠭᠤᠯᠵᠤ᠂   ᠣᠬᠢ ᠰᠣᠳᠣᠨ  ᠤᠷᠠᠨ  ᠨᠠᠷᠢᠨ  ᠬᠡᠯᠪᠡᠷᠢ ᠪᠠᠷ ᠥᠪᠥᠷ ᠮᠣᠩᠭᠤᠯ  ᠨᠤᠲᠤᠭ ᠤᠨ ︽ᠣᠮᠤᠭ ᠪᠠᠭ᠋ᠠᠳᠤᠯᠲᠤ᠂ ᠰᠦᠷ ᠵᠢᠪᠬᠤᠯᠠᠩᠲᠤ᠂ ᠲᠡᠨᠢᠭᠦᠨ ᠳᠡᠯᠭᠡᠷ︾ ᠢ ᠪᠦᠬᠦ ᠤᠯᠤᠰ ᠤᠨ ᠠᠷᠠᠳ ᠲᠦᠮᠡᠨ ᠳᠤ ᠦᠵᠡᠭᠦᠯᠵᠦ ᠬᠠᠷᠠᠭᠤᠯᠤᠭᠰᠠᠨ ᠪᠠᠶᠢᠨ᠎ᠠ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠠᠶᠠᠯᠠᠯ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠴᠢᠨ ᠶᠠᠨ ᠲᠠᠨᠢᠯᠴᠠᠭᠤᠯᠬᠤ ᠳᠠᠭᠠᠨ᠂ ᠡᠬᠢᠯᠡᠯᠲᠡ ᠶᠢᠨ ᠶᠣᠰᠣᠯᠠᠯ ᠤᠨ ᠠᠵᠢᠯᠯᠠᠭᠠᠨ ᠤ ᠪᠦᠯᠬᠦᠮ ᠤᠨ ᠬᠢᠨ ᠪᠣᠰᠤᠭ᠎ᠠ ᠴᠣᠭᠴᠠ ᠶᠢᠨ ᠭᠡᠷᠡᠯ ᠤᠨ ᠲᠧᠭᠨᠢᠭ ᠤᠨ ᠡᠯ᠎ᠡ ᠵᠦᠢᠯ ᠤᠨ ᠮᠡᠷᠭᠡᠵᠢᠯ ᠢ ᠪᠦᠲᠦᠭᠡᠯᠴᠢ  ᠪᠠᠷ ᠬᠡᠷᠡᠭᠯᠡᠭᠰᠡᠨ ᠤ ᠳᠡᠭᠡᠷ᠎ᠡ ᠪᠣᠳᠠᠲᠤ ᠠᠬᠤᠢ ᠶᠢ ᠦᠨᠡᠨ ᠪᠣᠯᠭᠠᠬᠤ ᠮᠡᠷᠭᠡᠵᠢᠯ ᠢ ᠴᠢᠩᠭᠠᠳᠬᠠᠵᠤ ︽ᠪᠠᠭ᠎ᠠ︾ ᠲᠠᠯᠠᠪᠠᠢ ᠶᠢ ︽ᠶᠡᠭᠡ︾ ᠲᠠᠪᠴᠠᠩ ᠪᠣᠯᠭᠠᠭᠰᠠᠨ ᠪᠠᠶᠢᠨ᠎ᠠ᠃   ᠪᠢᠳᠡ  ᠲᠣᠭᠠᠴᠢᠯᠠᠭᠰᠠᠨ ᠮᠡᠷᠭᠡᠵᠢᠯ ᠢᠶᠠᠷ ᠳᠠᠮᠵᠢᠭᠤᠯᠤᠨ AR ᠤᠨ ᠬᠡᠶᠢᠰᠪᠦᠷᠢᠴᠢᠯᠡᠭᠰᠡᠨ ᠪᠣᠳᠠᠲᠤ ᠦᠨᠡᠨ ᠲᠠᠢ ᠤᠶᠠᠯᠳᠤᠭᠤᠯᠤᠨ᠂  ᠪᠦᠬᠦ᠋ᠢᠯᠡ  ᠰᠣᠶᠣᠯ ᠲᠠᠮᠢᠷ ᠤᠨ ᠲᠣᠭᠯᠠᠯᠲᠠ ᠳᠤ ᠨᠡᠩ ᠥᠷᠭᠡᠨ ᠠᠭᠤᠳᠠᠮ ᠨᠡᠩ ᠣᠯᠠᠨ ᠬᠤᠪᠢᠷᠠᠯᠲᠠ  ᠲᠠᠢ᠂ ᠰᠣᠨᠢᠨ ᠰᠣᠳᠣᠨ ᠤᠷᠠᠯᠢᠭ ᠢ ᠢᠯᠡᠷᠡᠭᠦᠯᠬᠦ ᠣᠷᠣᠨ ᠵᠠᠢ ᠭᠠᠷᠭᠠᠵᠤ  ᠥᠭᠭᠦᠭᠰᠡᠨ ᠶᠤᠮ ᠭᠡᠵᠡᠢ᠃          ᠲᠠᠴᠢᠭᠢᠨᠠᠨ ᠳᠠᠪᠬᠢᠬᠤ ᠮᠣᠷᠢᠨ ᠬᠤᠭᠤᠷ ᠤᠨ ᠬᠥᠭᠵᠢᠮ ᠤᠨ ᠳᠠᠭᠤᠨ ᠤ ᠳᠤᠮᠳᠠ᠂  ᠮᠣᠷᠢᠨ ᠤ ᠶᠠᠩᠵᠤ ᠪᠠᠷ  ᠬᠤᠪᠴᠠᠰᠤᠯᠠᠨ ᠵᠠᠰᠠᠭᠰᠠᠨ ᠬᠡᠳᠦᠨ ᠠᠷᠪᠠᠨ ᠲᠣᠭᠯᠠᠭᠴᠢᠳ ᠰᠦᠷ ᠵᠢᠪᠬᠤᠭ᠎ᠠ ᠲᠠᠢ ᠪᠥᠵᠢᠭᠯᠡᠵᠦ ᠲᠡᠭᠷᠢ ᠶᠢᠨ ᠴᠠᠰᠤ ᠰᠢᠭᠤᠷᠭ᠎ᠠ ᠠᠴᠠ ᠠᠶᠤᠬᠤ ᠦᠭᠡᠢ᠂  ᠲᠡᠮᠡᠴᠡᠨ  ᠤᠷᠤᠭᠰᠢᠯᠠᠵᠤ ᠪᠠᠶᠢᠭ᠎ᠠ ᠮᠣᠩᠭᠤᠯ ᠮᠣᠷᠢ ᠰᠢᠭ᠋ ᠢᠶᠠᠷ ᠴᠤᠴᠠᠯᠲᠠ ᠦᠭᠡᠢ ᠤᠷᠤᠭᠰᠢᠯᠠᠬᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠪᠠᠶᠢᠨ᠎ᠠ᠃          ᠡᠬᠢᠯᠡᠯᠲᠡ ᠶᠢᠨ ᠶᠣᠰᠣᠯᠠᠯ ᠤᠨ ᠤᠳᠬ᠎ᠠ ᠤᠷᠠᠯᠢᠭ ᠤᠨ ᠲᠣᠭᠯᠠᠯᠲᠠ ᠳᠣᠲᠣᠷ᠎ᠠ ᠪᠠᠰᠠ ᠴᠥᠭᠡᠨ ᠪᠤᠰᠤ ᠫᠷᠦᠭᠷᠡᠮ ᠨᠢ ᠦᠨᠳᠦᠰᠦᠲᠡᠨ ᠤ ᠡᠯᠧᠮᠧᠨ᠋ᠲ ᠢᠶᠠᠷ ᠭᠦᠢᠴᠡᠳ ᠪᠠᠶᠢᠵᠤ᠂ ᠦᠵᠡᠭᠴᠢᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ  ᠷᠢᠳᠢ ᠰᠢᠳᠢ ᠶᠢ ᠮᠡᠳᠡᠷᠡᠭᠦᠯᠵᠦ ᠪᠠᠶᠢᠯ᠎ᠠ᠃ ᠴᠢᠨ ᠶᠠᠨ ᠬᠡᠯᠡᠬᠦ ᠳᠡᠭᠡᠨ᠂ ᠥᠪᠥᠷ ᠮᠣᠩᠭᠤᠯ ᠤᠨ ᠡᠯᠪᠡᠭ ᠪᠠᠶᠠᠯᠢᠭ ᠤᠯᠠᠮᠵᠢᠯᠠᠯᠲᠤ ᠰᠣᠶᠣᠯ ᠤᠨ ᠡᠬᠢ ᠰᠤᠷᠪᠤᠯᠵᠢ ᠶᠢ ᠭᠦᠨᠵᠡᠭᠡᠢ ᠠᠭᠤᠳᠠᠯᠵᠤ᠂ ᠪᠢᠳᠠ ᠥᠪᠥᠷ ᠮᠣᠩᠭᠤᠯ ᠤᠨ ᠴᠢᠬᠢᠨ ᠳᠤ ᠬᠠᠳᠠᠩᠰᠢᠵᠤ ᠴᠡᠭᠡᠵᠢᠨ ᠳᠤ ᠰᠠᠭᠤᠭᠳᠠᠭᠰᠠᠨ ᠰᠢᠯᠢᠳᠡᠭ ᠣᠯᠠᠨ ᠳᠠᠭᠤᠤ ᠬᠥᠭᠵᠢᠮ ᠢ ᠰᠣᠩᠭᠤᠨ ᠬᠡᠷᠡᠭᠯᠡᠵᠦ᠂ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠷᠠᠯᠢᠭ ᠤᠨ ᠷᠢᠳᠢ ᠰᠢᠳᠢ ᠶᠢ ᠳᠡᠯᠭᠡᠨ ᠦᠵᠡᠭᠦᠯᠦᠭᠰᠡᠨ ᠶᠤᠮ ᠭᠡᠵᠡᠢ᠃            ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠪᠣᠯ ᠪᠡᠭᠡᠵᠢᠩ ᠤᠨ ᠡᠪᠦᠯ ᠤᠨ ᠣᠯᠧᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠳᠠᠷᠠᠭ᠎ᠠ ᠮᠠᠨ  ᠤ ᠤᠯᠤᠰ ᠤᠨ ᠡᠷᠬᠢᠯᠡᠵᠦ ᠪᠠᠶᠢᠭ᠎ᠠ ᠬᠦᠷᠢᠶ᠎ᠡ ᠬᠡᠪᠴᠢᠶ᠎ᠡ ᠪᠠᠷ ᠬᠠᠮᠤᠭ ᠤᠨ ᠲᠣᠮᠣ᠂ ᠬᠢᠷᠢ ᠲᠦᠪᠰᠢᠨ ᠬᠠᠮᠤᠭ ᠤᠨ ᠥᠨᠳᠥᠷ ᠪᠦᠬᠦ ᠤᠯᠤᠰ ᠤᠨ ᠶᠡᠷᠦᠩᠬᠡᠶᠢᠯᠡᠭᠰᠡᠨ ᠴᠢᠨᠠᠷ ᠲᠠᠢ ᠴᠠᠰᠤ ᠮᠥᠰᠥᠨ ᠤ ᠤᠷᠤᠯᠳᠤᠭᠠᠨ ᠪᠣᠯᠣᠨ᠎ᠠ᠃ ᠡᠨᠡ  ᠨᠢ ᠪᠠᠰᠠ ᠠᠩᠬ᠎ᠠ ᠤᠳᠠᠭ᠎ᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠᠷ ᠪᠠᠶᠢᠭᠤᠯᠭ᠎ᠠ ᠨᠢᠭᠡᠴᠡ ᠪᠣᠯᠭᠠᠨ ᠪᠦᠯᠬᠦᠮ ᠵᠣᠬᠢᠶᠠᠨ ᠪᠠᠶᠢᠭᠤᠯᠵᠤ ᠤᠷᠤᠯᠳᠤᠭᠠᠨ ᠳᠤ ᠣᠷᠣᠯᠴᠠᠵᠤ᠂ ᠴᠠᠰᠤ ᠮᠥᠰᠥᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ︽ᠡᠮᠦᠨᠡᠲᠦ ᠣᠷᠣᠨ ᠳᠤ ᠳᠡᠯᠭᠡᠨ ᠦᠵᠡᠭᠦᠯᠵᠦ ᠪᠠᠷᠠᠭᠤᠨ ᠪᠦᠰᠡ ᠨᠤᠲᠤᠭ ᠲᠤ ᠥᠷᠭᠡᠳᠬᠡᠨ ᠵᠡᠭᠦᠨ ᠣᠷᠣᠨ ᠳᠤ ᠣᠷᠣᠭᠤᠯᠤᠭᠰᠠᠨ︾ ᠤ ᠦᠷ᠎ᠡ ᠳ᠋ᠦᠩ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ ᠪᠠᠶᠢᠭ᠎ᠠ ᠤᠷᠤᠯᠳᠤᠭᠠᠨ ᠪᠣᠯᠣᠨ᠎ᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠠᠷᠤᠭ᠎ᠠ ᠭᠤᠣ ᡁᠢ ᠳ᠋ᠠᠨ ᠡᠬᠢᠯᠡᠯᠲᠡ ᠶᠢᠨ ᠦᠭᠡ ᠬᠡᠯᠡᠬᠦ ᠦᠶ᠎ᠡ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠡᠪᠦᠯ  ᠤᠨ ᠪᠡᠶ᠎ᠡ ᠶᠢᠨ ᠲᠠᠮᠢᠷ ᠤᠨ ᠴᠤᠭᠯᠠᠭᠠᠨ ᠨᠢ ᠪᠤᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ ᠪᠠᠶᠢᠬᠤ᠂ ᠠᠷᠢᠭᠤᠨ ᠴᠢᠬᠡᠴᠢ ᠪᠠᠷ ᠤᠷᠤᠯᠳᠤᠭᠠᠨ ᠡᠷᠬᠢᠯᠡᠬᠦ ᠦᠵᠡᠯᠲᠡ ᠶᠢ ᠪᠠᠷᠢᠮᠲᠠᠯᠠᠵᠤ᠂ ︽ᠭᠤᠷᠪᠠᠨ ᠳ᠋ᠦᠩᠰᠢᠭᠤᠷ ᠬᠥᠮᠥᠨ  ᠢ ᠳᠠᠶᠢᠴᠢᠯᠠᠨ ᠴᠠᠰᠤ ᠮᠥᠰᠥᠨ ᠤ ᠬᠥᠳᠡᠯᠭᠡᠭᠡᠨ ᠳᠤ  ᠣᠷᠣᠯᠴᠠᠭᠤᠯᠤᠭᠰᠠᠨ︾ ᠦᠷ᠎ᠡ ᠳ᠋ᠦᠩ ᠢ ᠪᠠᠬᠢᠵᠢᠭᠦᠯᠦᠨ ᠥᠷᠭᠡᠳᠬᠡᠵᠦ᠂ ᠮᠠᠨ ᠤ ᠤᠯᠤᠰ ᠤᠨ ᠴᠠᠰᠤ ᠮᠥᠰᠥᠨ ᠤ ᠬᠥᠳᠡᠯᠭᠡᠭᠡᠨ ᠤ ᠬᠥᠭᠵᠢᠯᠲᠡ ᠶᠢᠨ ᠬᠢᠷᠢ ᠲᠦᠪᠰᠢᠨ ᠢ ᠳᠡᠯᠭᠡᠨ ᠦᠵᠡᠭᠦᠯᠵᠦ ᠰᠢᠯᠭᠠᠬᠤ ᠪᠣᠯᠣᠨ᠎ᠠ ᠭᠡᠵᠡᠢ᠃            ᠬᠥᠮᠥᠰ ᠤᠨ ᠬᠦᠰᠡᠨ ᠬᠦᠯᠢᠶᠡᠭᠰᠡᠨ ᠤᠷᠤᠯᠳᠤᠭᠠᠨ ᠤ ᠭᠠᠯ  ᠠᠰᠠᠭᠠᠬᠤ ᠶᠣᠰᠣᠯᠠᠯ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠲᠦᠪᠰᠢᠨ ᠢᠶᠠᠷ ᠥᠨᠳᠥᠷ ᠪᠠᠶᠢᠭᠰᠠᠨ ᠶᠤᠮ᠃  ᠭᠠᠯ ᠪᠠᠮᠪᠠᠷ ᠤᠨ ᠬᠠᠮᠤᠭ ᠤᠨ ᠰᠡᠭᠦᠯᠴᠢ  ᠶᠢᠨ ᠨᠢᠭᠡᠨ ᠪᠤᠤᠬᠢᠶ᠎ᠠ ᠳᠠᠮᠵᠢᠭᠤᠯᠤᠭᠴᠢ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠤ ᠰᠦᠯᠳᠡ ᠮᠠᠶ᠋ᠢᠭ ᠤᠨ ᠭᠠᠯ ᠨᠣᠴᠣᠭᠠᠬᠤ ᠲᠥᠬᠦᠭᠡᠷᠦᠮᠵᠢ ᠶᠢ  ᠠᠰᠠᠭᠠᠭᠰᠠᠨ ᠤ ᠳᠠᠷᠠᠭ᠎ᠠ᠂ ᠲᠣᠭᠠᠴᠢᠯᠠᠭᠰᠠᠨ ᠮᠥᠰᠥᠨ ᠪᠥᠮᠪᠦᠭᠡ ᠶᠢᠨ ᠲᠠᠮᠢᠷᠴᠢᠨ ᠲᠠᠶᠢᠰᠠᠨ ᠳᠤ ᠭᠠᠷᠴᠤ᠂ ᠠᠰᠠᠵᠦ ᠪᠠᠶᠢᠭ᠎ᠠ ᠲᠣᠭᠠᠴᠢᠯᠠᠭᠰᠠᠨ ᠮᠥᠰᠥᠨ ᠪᠥᠮᠪᠦᠭᠡ ᠶᠢ ᠲᠠᠯᠠᠪᠤᠷ ᠤᠨ ᠭᠠᠳᠠᠨᠠᠬᠢ ᠭᠠᠯ ᠪᠠᠮᠪᠠᠷ ᠲᠤ ᠴᠣᠬᠢᠨ ᠭᠠᠷᠭᠠᠵᠤ ᠭᠤᠣᠯ ᠭᠠᠯ ᠪᠠᠮᠪᠠᠷ ᠢ ᠠᠰᠠᠭᠠᠬᠤ ᠳᠤ ᠲᠤᠬᠠᠢ ᠶᠢᠨ ᠲᠠᠯᠠᠪᠤᠷ ᠲᠤ ᠬᠠᠯᠠᠭᠤᠨ ᠠᠯᠠᠭ᠎ᠠ ᠲᠠᠰᠢᠯᠲᠠ ᠶᠢᠨ ᠳᠠᠭᠤᠨ ᠨᠢᠵᠢᠭᠢᠨᠡᠵᠦ᠂ ᠤᠷᠢᠶᠠᠯᠠᠨ  ᠤᠤᠬᠠᠶᠢᠯᠠᠬᠤ ᠳᠠᠭᠤᠨ ᠴᠤᠤᠷᠢᠶᠠᠲᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号