ᠮᠠᠨ ᠤ ᠣᠷᠣᠨ ᠤᠯᠠᠨ ᠲᠠᠯ᠎ᠠ ᠪᠠᠷ ᠪᠦᠭᠦ ᠤᠯᠤᠰ ᠤᠨ ᠲᠡᠷᠢᠭᠦᠨ ᠡᠩᠨᠡᠭᠡ ᠳᠤ ᠵᠢᠭᠰᠠᠪᠠ
ᠨᠡᠶᠢᠲᠡᠯᠡᠭᠰᠡᠨ ᠴᠠᠭ᠄
2024/2/19
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ︽ᠭᠠᠵᠠᠷ ᠳᠡᠭᠡᠷ᠎ᠡ ᠪᠠᠨ ᠰᠠᠯᠬᠢᠨ ᠬᠦᠴᠦ ᠭᠡᠷᠡᠯ ᠤᠨ ᠡᠨᠧᠷᠭᠢ ᠲᠠᠢ᠂ ᠭᠠᠵᠠᠷ ᠳᠣᠣᠷ᠎ᠠ ᠪᠠᠨ ᠨᠡᠭᠦᠷᠡᠰᠦ ᠲᠠᠢ᠂ ᠭᠠᠷ ᠲᠠᠭᠠᠨ ᠴᠠᠭᠢᠯᠭᠠᠨ ᠲᠣᠣᠷ ᠲᠠᠢ︾ᠥᠪᠥᠷ ᠮᠣᠩᠭᠤᠯ 2023 ᠣᠨ ᠳᠤ ᠠᠯᠢ ᠤᠯᠠᠨ ᠭᠢᠯᠠᠯᠵᠠᠭᠰᠠᠨ ᠠᠮᠵᠢᠯᠲᠠ ᠶᠢ ᠡᠭᠦᠳᠴᠦ᠂ ᠤᠯᠠᠨ ᠲᠠᠯ᠎ᠠ ᠪᠠᠷ ᠪᠦᠭᠦ ᠤᠯᠤᠰ ᠤᠨ ᠲᠡᠷᠢᠭᠦᠨ ᠡᠩᠨᠡᠭᠡ ᠳᠤ ᠵᠢᠭᠰᠠᠪᠠ᠃      ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 19.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ  ᠪᠠᠷ ᠪᠦᠭᠦ ᠤᠯᠤᠰ ᠤᠨ ᠬᠤᠶᠠᠳᠤᠭᠠᠷ ᠲᠤ ᠵᠢᠬᠰᠠᠪᠠ; ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 7.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠭᠤᠷᠪᠠᠳᠤᠭᠠᠷ ᠲᠤ ᠵᠢᠬᠰᠠᠪᠠ; ᠭᠠᠳᠠᠭᠠᠳᠤ ᠠᠷᠠᠯᠵᠢᠶᠠᠨ ᠤ ᠤᠷᠤᠭᠤᠯᠤᠯᠳᠠ ᠭᠠᠷᠭᠠᠯᠲᠠ ᠶᠢᠨ ᠶᠡᠷᠦᠩᠬᠡᠢ ᠦᠷᠳᠡᠭ 30.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠤᠯᠤᠰ ᠤᠨ ᠭᠤᠷᠪᠠᠳᠤᠭᠠᠷ ᠲᠤ ᠵᠢᠬᠰᠠᠪᠠ; ᠬᠡᠪᠴᠢᠶᠡᠵᠢᠯ  ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 7.4% ᠪᠠᠷ ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠵᠢᠬᠰᠠᠪᠠ; ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 9000 ᠲᠦᠮᠡᠨ ᠺᠢᠯᠣᠸᠠᠲ ᠢ ᠳᠠᠪᠠᠵᠤ᠂ 2022 ᠣᠨ ᠤ ᠵᠢᠯ ᠤᠨ ᠰᠡᠭᠦᠯᠴᠢ ᠶᠢᠨ ᠬᠢ ᠠᠴᠠ 50.8% ᠪᠠᠷ ᠨᠡᠮᠡᠭᠳᠡᠪᠡ; ᠥᠪᠥᠷ ᠮᠣᠩᠭᠤᠯ ᠤᠨ ᠵᠡᠭᠦᠨ ᠪᠡᠶ᠎ᠡ ᠶᠢᠨ ᠴᠠᠭᠢᠯᠭᠠᠨ ᠬᠦᠴᠦᠨ ᠤ ᠭᠠᠳᠠᠭᠰᠢ ᠬᠦᠷᠭᠡᠭᠰᠡᠨ ᠴᠠᠭᠢᠯᠭᠠᠨ  ᠤ ᠬᠡᠮᠵᠢᠶ᠎ᠡ 1800 ᠳ᠋ᠦᠩᠰᠢᠭᠤᠷ ᠺᠢᠯᠣᠸᠠᠲ ᠴᠠᠭ ᠢ ᠳᠠᠪᠠᠵᠤ᠂ ᠮᠤᠵᠢ ᠶᠢᠨ ᠱᠠᠲᠤᠨ ᠤ ᠴᠠᠭᠢᠯᠭᠠᠨ ᠲᠣᠣᠷ ᠤᠨ ᠠᠵᠤ ᠠᠬᠤᠶᠢᠯᠠᠯ ᠤᠨ ᠳᠣᠲᠣᠷ᠎ᠠ ᠮᠠᠩᠯᠠᠶᠢᠯᠠᠪᠠ ᠁ 2023 ᠣᠨ ᠳᠤ᠂ ᠮᠠᠨ ᠤ ᠣᠷᠣᠨ ᠲᠣᠭᠲᠠᠮᠠᠯ ᠬᠥᠷᠥᠩᠭᠡ  ᠶᠢᠨ ᠪᠡᠯᠡ ᠤᠷᠤᠭᠤᠯᠤᠯᠳᠠ᠂ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠭᠠᠳᠠᠭᠠᠳᠤ ᠠᠷᠠᠯᠵᠢᠶᠠᠨ ᠤ ᠤᠷᠤᠭᠤᠯᠤᠯᠳᠠ ᠭᠠᠷᠭᠠᠯᠲᠠ ᠶᠢᠨ ᠶᠡᠷᠦᠩᠬᠡᠢ ᠦᠷᠳᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢᠶᠠᠷ ᠴᠥᠮ ᠪᠦᠭᠦ ᠤᠯᠤᠰ ᠤᠨ ᠲᠡᠷᠢᠭᠦᠨ ᠡᠩᠨᠡᠭᠡ ᠳᠤ ᠵᠢᠭᠰᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ᠂ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ ᠵᠡᠷᠭᠡ ᠤᠯᠠᠨ ᠭᠦᠢᠴᠡᠳᠬᠡᠯ ᠲᠤᠭ᠎ᠠ ᠪᠠᠷ ᠪᠦᠭᠦ ᠤᠯᠤᠰ ᠲᠤ ᠮᠠᠩᠯᠠᠶᠢᠯᠠᠭᠰᠠᠨ ᠪᠠᠶᠢᠨ᠎ᠠ᠃ 2024 ᠣᠨ ᠳᠤ ᠮᠠᠨ ᠤ ᠣᠷᠣᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠦᠷᠭᠦᠯᠵᠢᠯᠡᠨ ᠪᠠᠳᠠᠷᠠᠭᠤᠯᠵᠤ᠂︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠦᠰᠡᠯ ᠲᠡᠮᠡᠦᠯᠦᠯ ᠢᠶᠠᠷ ᠪᠦᠭᠦ ᠬᠦᠴᠦᠨ ᠢᠶᠠᠷ ᠢᠶᠠᠨ ᠴᠤᠴᠠᠯᠲᠠ ᠦᠭᠡᠢ ᠤᠷᠤᠭᠰᠢᠯᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号