ᠮᠠᠨ ᠤ ᠣᠷᠣᠨ ᠨᠡᠶᠢᠳᠡᠮ ᠤᠨ ᠬᠡᠷᠡᠭᠯᠡᠭᠡᠨ ᠤ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠬᠤ 23 ᠵᠤᠷᠪᠤᠰ ᠠᠷᠭ᠎ᠠ ᠬᠡᠮᠵᠢᠶ᠎ᠡ ᠶᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/2/19
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠳᠦᠷᠪᠡᠨ ᠰᠠᠯᠠᠭ᠎ᠠ ᠮᠥᠴᠢᠷ ᠬᠠᠮᠲᠤᠷᠠᠨ 23 ᠵᠤᠷᠪᠤᠰ ᠠᠭᠤᠯᠭ᠎ᠠ ᠪᠦᠬᠦᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠳᠡᠮ ᠤᠨ ᠬᠡᠷᠡᠭᠯᠡᠭᠡᠨ ᠤ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠃      ᠣᠶᠢᠯᠠᠭᠠᠭᠰᠠᠨ ᠢᠶᠠᠷ᠂ ᠤᠯᠤᠰ ᠤᠨ ᠰᠢᠨ᠎ᠡ ᠨᠢᠭᠡ ᠦᠶ᠎ᠡ ᠶᠢᠨ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠪᠣᠳᠣᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠨᠡᠶᠢᠳᠡᠮ  ᠤᠨ ᠬᠡᠷᠡᠭᠯᠡᠭᠡᠨ ᠤ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢᠨ ᠠᠵᠠ ᠳᠤᠭᠢᠶᠠᠯ ᠢ ᠠᠮᠵᠢᠨ ᠠᠳᠬᠤᠵᠤ᠂ ᠮᠠᠨ ᠤ ᠣᠷᠣᠨ ᠤ ᠨᠡᠶᠢᠳᠡᠮ ᠤᠨ ᠬᠡᠷᠡᠭᠯᠡᠭᠡᠨ ᠤ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠥᠭᠵᠢᠯᠲᠡ ᠪᠠ ᠭᠦᠨᠵᠡᠭᠡᠢ ᠠᠰᠢᠭᠯᠠᠯᠲᠠ ᠶᠢ ᠠᠬᠢᠭᠤᠯᠬᠤ ᠶᠢᠨ ᠲᠥᠯᠥᠭᠡ ᠡᠳᠡᠭᠡᠷ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠠᠢ᠃ ᠡᠭᠦᠨ ᠳᠤ᠂ ᠪᠣᠳᠣᠯᠭ᠎ᠠ ᠶᠢᠨ ᠴᠢᠳᠠᠪᠤᠷᠢ ᠬᠠᠩᠭᠠᠬᠤ ᠴᠢᠳᠠᠪᠤᠷᠢ ᠶᠢ ᠴᠢᠩᠭᠠᠳᠬᠠᠬᠤ᠂ ᠲᠤᠭ᠎ᠠ ᠪᠠᠷᠢᠮᠲᠠ ᠬᠠᠩᠭᠠᠬᠤ ᠲᠦᠪᠰᠢᠨ ᠢ ᠳᠡᠭᠡᠭᠰᠢᠯᠡᠭᠦᠯᠭᠦ᠂ ᠮᠡᠷᠭᠡᠵᠢᠯ ᠤᠨ ᠰᠤᠳᠤᠯᠭᠠᠨ ᠳᠤ ᠢᠳᠡᠪᠬᠢᠲᠡᠢ ᠣᠷᠤᠯᠴᠠᠬᠤ᠂ ᠰᠢᠨ᠎ᠡ ᠶᠢ ᠡᠭᠦᠳᠦᠭᠰᠡᠨ ᠬᠡᠷᠡᠭᠯᠡᠭᠡ ᠶᠢ ᠠᠬᠢᠭᠤᠯᠬᠤ᠂ ᠪᠠᠲᠤᠯᠠᠭ᠎ᠠ ᠬᠠᠩᠭᠠᠬᠤ ᠡᠷᠴᠢᠮ ᠢ ᠴᠢᠩᠭᠠᠷᠠᠭᠤᠯᠬᠤ ᠵᠡᠷᠭᠡ ᠳᠦᠷᠪᠡᠨ ᠲᠠᠯ᠎ᠠ ᠠᠴᠠ ᠳ᠋ᠠᠶᠢᠲ᠋ᠠ ᠶᠢᠨ ᠲᠥᠪ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠭᠤᠯᠬᠤ ᠶᠢ ᠠᠭᠢᠭᠤᠯᠤᠨ᠎ᠠ᠃ 400G ᠶᠢᠨ ᠴᠤᠯ ᠭᠡᠷᠡᠯᠯᠢᠭ ᠰᠦᠯᠵᠢᠶ᠎ᠡ ᠶᠢᠨ ᠪᠠᠶᠢᠭᠤᠯᠤᠯᠲᠠ ᠶᠢ ᠳᠦᠷᠭᠡᠳᠭᠡᠨ᠎ᠠ᠃ ᠣᠷᠣᠨ ᠪᠦᠰᠡ ᠠᠯᠤᠰᠯᠠᠨ ᠪᠣᠳᠣᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠢ ᠬᠠᠮᠵᠢᠯᠴᠠᠨ ᠠᠰᠢᠭᠯᠠᠬᠤ ᠶᠢ ᠠᠬᠢᠭᠤᠯᠵᠤ᠂ ᠥᠪᠥᠷ ᠮᠣᠩᠭᠤᠯ ᠤᠨ ᠪᠣᠳᠣᠯᠭ᠎ᠠ ᠶᠢᠨ ᠴᠢᠳᠠᠪᠤᠷᠢ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠢ ᠰᠦᠪᠡᠭᠴᠢᠯᠡᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳ᠋ᠠᠶᠢᠲ᠋ᠠ ᠶᠢᠨ ᠠᠷᠠᠯᠵᠢᠶᠠᠨ ᠤ ᠲᠥᠪ ᠤᠨ ᠪᠠᠶᠢᠭᠤᠯᠤᠯᠲᠠ ᠶᠢ ᠲᠦᠷᠭᠡᠳᠬᠡᠵᠦ᠂ ᠳ᠋ᠠᠶᠢᠲ᠋ᠠ ᠶᠢᠨ ᠠᠷᠠᠯᠵᠢᠶᠠᠨ ᠤ ᠲᠥᠪ ᠲᠤ ᠲᠦᠰᠢᠭᠯᠡᠨ ᠲᠤᠭ᠎ᠠ ᠪᠠᠷᠢᠮᠲᠠ ᠤᠯᠤᠨ᠎ᠠ᠃ ᠤᠯᠠᠨ ᠨᠡᠶᠢᠳᠡ ᠶᠢᠨ ᠬᠥᠨᠳᠡᠭᠦᠷ ᠲᠠᠢ ᠲᠤᠭ᠎ᠠ ᠪᠠᠷᠢᠮᠲᠠ ᠶᠢᠨ ᠴᠤᠭᠯᠠᠷᠠᠯ ᠤᠨ ᠪᠠᠶᠢᠭᠤᠯᠤᠯᠲᠠ ᠶᠢ ᠠᠬᠢᠭᠤᠯᠵᠤ᠂ ᠬᠥᠨᠳᠡᠭᠦᠷ ᠲᠠᠢ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠲᠦᠷᠦ ᠶᠢᠨ ᠪᠣᠳᠣᠯᠭ᠎ᠠ ᠶᠢᠨ ᠪᠠᠷᠢᠮᠵᠢᠶ᠎ᠠ ᠭᠠᠷᠭᠠᠨ᠎ᠠ᠃ ᠠᠪᠢᠶ᠎ᠠ ᠶᠢ ᠢᠯᠭᠠᠨ ᠲᠠᠨᠢᠬᠤ᠂ ᠸᠢᠳᠢᠤ᠋ ᠶᠢ ᠢᠯᠭᠠᠨ ᠲᠠᠨᠢᠬᠤ ᠵᠡᠷᠭᠡ ᠰᠠᠭᠤᠷᠢ ᠬᠦᠷᠢᠶ᠎ᠡ ᠪᠣᠯᠣᠨ ᠠᠵᠤ ᠦᠢᠯᠡᠳᠪᠦᠷᠢ᠂ ᠡᠨᠧᠷᠭᠢ᠂ ᠰᠤᠷᠭᠠᠨ ᠬᠥᠮᠦᠵᠢᠯ᠂ ᠡᠮ ᠡᠮᠨᠡᠯᠭᠡ᠂ ᠴᠠᠭ ᠠᠭᠤᠷ᠂ ᠠᠮᠢᠳᠤ ᠪᠣᠳᠠᠰ ᠤᠨ ᠠᠨᠠᠭᠠᠬᠤ ᠤᠬᠠᠭᠠᠨ ᠡᠮᠴᠢᠯᠡᠭᠡᠨ᠂ ᠮᠠᠯ ᠠᠵᠤ ᠠᠬᠤᠢ ᠲᠠᠷᠢᠶᠠᠯᠠᠩ᠂ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠷᠢᠶ᠎ᠡ ᠴᠠᠷᠠᠭ᠎ᠠ ᠵᠢᠴᠢ ᠮᠣᠩᠭᠤᠯ ᠭᠡᠯᠡ ᠵᠡᠷᠭᠡ ᠰᠣᠶᠣᠯ ᠤᠨ ᠬᠦᠷᠢᠶ᠎ᠡ ᠴᠠᠷᠠᠭ᠎ᠠ ᠳᠤ ᠬᠠᠨᠳᠤᠭᠤᠯᠤᠨ᠂ ᠳ᠋ᠠᠶᠢᠲ᠋ᠠ ᠶᠢᠨ ᠢᠷᠡᠯᠲᠡ  ᠶᠢ ᠭᠦᠨᠵᠡᠭᠡᠢ ᠠᠭᠤᠳᠠᠯᠵᠤ᠂ ᠴᠢᠨᠠᠷ ᠰᠠᠶᠢᠲᠠᠢ ᠵᠣᠬᠢᠶᠠᠮᠠᠯ ᠤᠶᠤᠨ ᠴᠢᠳᠠᠪᠤᠷᠢ ᠶᠢᠨ ᠰᠣᠷᠢᠯᠲᠠ ᠶᠢᠨ ᠡᠬᠢ ᠪᠠᠶᠠᠯᠢᠭ  ᠤᠨ ᠬᠥᠮᠥᠷᠭᠡ᠂ ᠪᠠᠷᠢᠮᠵᠢᠶ᠎ᠠ ᠰᠢᠯᠭᠠᠨ ᠪᠠᠶᠢᠴᠠᠭᠠᠬᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠤᠨ᠎ᠠ ᠭᠡᠬᠦ ᠵᠡᠷᠭᠡ ᠪᠠᠷ ᠪᠣᠳᠠᠲᠠᠢ ᠠᠭᠤᠯᠭ᠎ᠠ ᠶᠢ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号