ᠨᠢᠳᠤᠨᠤᠨ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠨᠡᠶᠢᠲᠡ 81099 ᠬᠤᠪᠢ ᠬᠡᠷᠡᠭ ᠢ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2024/2/2
     2 ᠰᠠᠷ᠎ᠠ ᠶᠢᠨ 1 ᠤ  ᠡᠳᠦᠷ ᠬᠤᠷᠠᠯᠳᠤᠭᠰᠠᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠬᠤᠶᠠᠳᠤᠭᠠᠷ ᠪᠦᠭᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠪᠡ᠃      ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠳᠤ᠂ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ᠬᠦᠴᠦᠨ ᠢᠶᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠶᠡᠭᠡ ᠨᠢᠭᠡᠳᠦᠯᠲᠡᠢ ᠠᠵᠢᠯᠯᠠᠭ᠎ᠠ︾ ᠪᠣᠯᠣᠨ︽ᠲᠦᠷᠪᠡᠨ ᠶᠡᠭᠡ ᠳᠡᠭᠡᠭᠰᠢᠯᠡᠭᠦᠯᠭᠦ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠪᠦᠭᠦ ᠣᠷᠣᠨ ᠤ ᠪᠠᠶᠢᠴᠠᠭᠠᠬᠤ ᠠᠵᠢᠯ ᠳᠤ ᠰᠢᠨ᠎ᠡ ᠳᠦᠷᠰᠦ ᠪᠠᠶᠢᠳᠠᠯ ᠢᠯᠡᠷᠡᠵᠡᠢ᠃ ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠡᠯ᠎ᠡ ᠲᠥᠷᠥᠯ ᠤᠨ ᠬᠡᠷᠡᠭ ᠢ ᠨᠡᠶᠢᠲᠡ 81099 ᠬᠤᠪᠢ ᠰᠢᠢᠳᠪᠦᠷᠢᠯᠡᠵᠦ᠂ ᠬᠡᠷᠡᠭ ᠰᠢᠢᠳᠪᠦᠷᠢᠯᠡᠭᠰᠡᠨ ᠬᠡᠪᠴᠢᠶ᠎ᠡ ᠨᠢ ᠠᠳᠠᠯᠢ ᠬᠤᠭᠤᠴᠠᠭᠠᠨ ᠤ ᠬᠢ ᠠᠴᠠ 44.7% ᠪᠠᠷ ᠳᠡᠭᠡᠭᠰᠢᠯᠡᠪᠡ᠃ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ 86.4% ᠶᠢᠨ  ᠭᠦᠢᠴᠡᠳᠬᠡᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ ᠰᠠᠶᠢᠵᠢᠷᠠᠯᠲᠠ ᠲᠠᠢ ᠪᠣᠯᠪᠠ᠃      ᠪᠦᠭᠦ ᠣᠷᠣᠨ ᠤ ᠪᠠᠶᠢᠴᠠᠭᠠᠬᠤ ᠪᠠᠶᠢᠭᠤᠯᠭ᠎ᠠ ᠶᠢᠨ ᠬᠢᠨ ᠴᠢᠩᠭ᠎ᠠ ᠰᠤᠯᠠ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ᠵᠥᠷᠢᠴᠡᠯ ᠢ ᠨᠠᠮᠳᠠᠭᠤᠯᠬᠤ ᠶᠢ ᠠᠬᠢᠭᠤᠯᠤᠨ᠂ ᠨᠡᠶᠢᠭᠡᠮ ᠤᠨ ᠡᠶ᠎ᠡ ᠵᠣᠬᠢᠴᠠᠩᠭᠤᠢ ᠶᠢ ᠠᠬᠢᠭᠤᠯᠵᠠᠢ᠃  ᠵᠠᠷᠭᠤ ᠶᠢᠨ ᠢᠷᠡᠯᠲᠡ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ 1560 ᠬᠤᠪᠢ ᠪᠠᠶᠢᠴᠠᠭᠠᠬᠤ ᠰᠠᠨᠠᠭᠤᠯᠭ᠎ᠠ ᠶᠢ ᠦᠢᠯᠡᠳᠦᠨ ᠲᠠᠷᠬᠠᠭᠠᠵᠤ᠂ ᠣᠯᠠᠨᠲᠠ ᠡᠭᠦᠰᠬᠦ ᠠᠰᠠᠭᠤᠳᠠᠯ ᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ  ᠠᠬᠢᠭᠤᠯᠪᠠ᠃ ᠬᠠᠤᠯᠢᠵᠢᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠴᠢᠷᠮᠠᠶᠢᠨ ᠰᠢᠯᠢᠳᠡᠭᠵᠢᠭᠦᠯᠵᠦ᠂ ︽ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ ᠥᠭᠡᠷᠡᠴᠢᠯᠡᠯᠲᠡ ᠶᠢ ᠠᠬᠢᠭᠤᠯᠬᠤ ᠨᠢᠭᠡᠳᠦᠯᠲᠡᠢ ᠠᠵᠢᠯᠯᠠᠭ᠎ᠠ︾ ᠶᠢ  ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ 234 ᠬᠤᠪᠢ ᠬᠡᠷᠡᠭ ᠢ ᠰᠢᠢᠳᠪᠦᠷᠢᠯᠡᠵᠦ᠂ 2022 ᠣᠨ ᠤ ᠬᠡᠷᠡᠭ ᠰᠢᠢᠳᠪᠦᠷᠢᠯᠡᠭᠰᠡᠨ ᠬᠡᠮᠵᠢᠶ᠎ᠡ ᠶᠢᠨ 5 ᠳᠠᠭᠢᠨ ᠪᠣᠯᠪᠠ᠃ 19 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠭᠦᠯᠵᠦ᠂ ᠬᠢᠯᠢ ᠳᠠᠭᠠᠤ 23 ᠪᠣᠭᠤᠮᠲᠠ ᠶᠢᠨ ᠪᠠᠶᠢᠴᠠᠭᠠᠬᠤ ᠬᠤᠷᠢᠶ᠎ᠠ ᠶᠢ ᠵᠣᠬᠢᠶᠠᠨ ᠪᠠᠶᠢᠭᠤᠯᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠢ ᠠᠬᠤᠢ ᠶᠢ ᠬᠠᠮᠠᠭᠠᠯᠠᠬᠤ᠂ ᠠᠵᠤ ᠠᠬᠤᠶᠢᠯᠠᠯ ᠳᠤ ᠦᠢᠯᠡᠴᠢᠯᠡᠬᠦ ᠵᠡᠷᠭᠡ ᠲᠠᠯ᠎ᠠ ᠪᠠᠷ ᠬᠠᠤᠯᠢᠵᠢᠯ ᠤᠨ ᠬᠠᠮᠲᠤᠷᠠᠯ ᠬᠦᠴᠦᠨ ᠢ ᠪᠤᠢ ᠪᠤᠯᠭᠠᠵᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠪᠠᠷ ᠵᠠᠰᠠᠬᠤ ᠰᠡᠳᠬᠢᠴᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠠᠮᠢ ᠠᠬᠤᠢ ᠶᠢᠨ ᠪᠠᠶᠢᠴᠠᠭᠠᠯᠲᠠ ᠶᠢᠨ ᠭᠤᠷᠪᠠᠨ ᠶᠡᠭᠡ ᠬᠠᠮᠵᠢᠯᠴᠠᠭᠠᠨ ᠤ ᠨᠢᠭᠡᠳᠦᠯᠲᠡᠢ ᠠᠵᠢᠯᠯᠠᠭ᠎ᠠ︾ ᠶᠢ ᠥᠷᠨᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠪᠦᠰᠡ ᠶᠢᠨ ᠬᠠᠮᠵᠢᠯᠴᠠᠨ ᠬᠠᠮᠲᠤ ᠪᠠᠷ ᠵᠠᠰᠠᠬᠤ ᠰᠢᠨ᠎ᠡ ᠪᠠᠶᠢᠷᠢᠰᠢᠯ ᠢ ᠪᠤᠢ ᠪᠣᠯᠭᠠᠪᠠ᠃ ᠨᠡᠩ ᠥᠨᠳᠥᠷ ᠶᠠᠰᠤ ᠴᠢᠨᠠᠷ ᠦᠷ᠎ᠡ ᠪᠦᠲᠦᠮᠵᠢ ᠪᠠᠷ ᠬᠠᠤᠯᠢ ᠴᠠᠭᠠᠵᠠ ᠶᠢᠨ ᠬᠢᠨᠠᠯᠲᠠ ᠶᠢ ᠴᠢᠩᠭᠠᠳᠬᠠᠵᠤ᠂ ᠨᠠᠷᠢᠯᠢᠭ ᠣᠨᠣᠴᠠᠲᠠᠢ ᠪᠠᠷ ᠵᠢᠷᠤᠮᠵᠢᠭᠤᠯᠬᠤ ᠶᠢ ᠴᠢᠬᠤᠯᠠᠴᠢᠯᠠᠵᠤ᠂ ︽ᠭᠤᠷᠪᠠᠨ ᠥᠨᠳᠥᠷ ᠬᠤᠶᠠᠷ ᠳᠣᠣᠷ᠎ᠠ︾᠂ ︽ᠭᠤᠷᠪᠠᠨ ᠳᠣᠣᠷ᠎ᠠ ᠬᠤᠶᠠᠷ ᠴᠥᠭᠡᠨ︾ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠡᠷᠬᠡ ᠰᠦᠷ ᠪᠠ ᠲᠥᠪ ᠭᠤᠣᠯᠴᠢ ᠪᠠᠷ ᠬᠠᠤᠯᠢ ᠶᠠᠪᠤᠭᠳᠠᠭᠤᠯᠬᠤ ᠶᠢ ᠬᠠᠮᠠᠭᠠᠯᠠᠬᠤ ᠳᠤᠮᠳᠠ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦᠶᠢᠯᠡᠨ ᠭᠦᠢᠴᠡᠳᠬᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号