︽ᠬᠤᠷᠤᠭᠤᠨ ᠦᠵᠦᠭᠦᠷ ᠲᠠᠬᠢ ᠶᠤᠤᠮᠠᠢ︾ ᠶᠢᠨ ᠪᠣᠳᠠᠰ ᠤᠨ ᠪᠤᠰᠤ ᠰᠣᠶᠣᠯ ᠤᠨ ᠥᠪ ᠵᠢᠴᠢ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠦᠯᠭᠡ ᠲᠠᠨ ᠢ ᠳᠠᠭᠠᠭᠤᠯᠤᠨ ᠴᠠᠭᠠᠨ ᠰᠠᠷ᠎ᠠ ᠶᠢᠨ ᠪᠠᠶᠠᠷ ᠢ ᠪᠡᠯᠡᠭᠯᠡᠶ᠎ᠡ
ᠨᠡᠶᠢᠲᠡᠯᠡᠭᠰᠡᠨ ᠴᠠᠭ᠄
2024/2/20
     ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠠᠷᠪᠠᠨ ᠢ ᠶᠡᠷᠦ ᠳᠡᠭᠡᠨ ᠠᠷᠪᠠᠨ ᠬᠤᠷᠤᠭᠤᠨ ᠤ ᠪᠠᠶᠠᠷ ᠭᠡᠳᠡᠭ᠂ ᠡᠨᠡ ᠨᠢ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠨᠢᠭᠡᠨ ᠴᠢᠬᠤᠯᠠ ᠪᠠᠶᠠᠷ ᠤᠨ ᠡᠳᠦᠷ ᠮᠥᠨ᠂ ᠤᠯᠠᠮᠵᠢᠯᠠᠯᠲᠤ ᠵᠠᠩᠰᠢᠯ ᠢᠶᠠᠷ ᠪᠣᠯ᠂ ᠡᠨᠡ ᠡᠳᠦᠷ ᠭᠡᠷ ᠤᠨ ᠡᠷᠡᠭᠲᠡᠢ ᠡᠮᠡᠭᠲᠡᠢ ᠬᠥᠭᠰᠢᠨ ᠵᠠᠯᠠᠭᠤ ᠬᠠᠮᠲᠤ ᠪᠠᠷ ᠶᠤᠤᠮᠠᠢ ᠶᠢᠨ ᠭᠤᠯᠢᠷ ᠬᠢᠵᠣ᠂ ᠠᠶᠢᠯ ᠪᠣᠯᠭᠠᠨ ᠪᠦᠷ ᠶᠤᠤᠮᠠᠢ ᠶᠢᠨ ᠭᠤᠯᠢᠷ ᠢᠳᠡᠨ᠎ᠡ᠃ 
     2 ᠰᠠᠷ᠎ᠠ ᠶᠢᠨ 19 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠤ ᠡᠳᠦᠷ᠂ ︽ᠬᠤᠷᠤᠭᠤᠨ ᠦᠵᠦᠭᠦᠷ ᠲᠠᠬᠢ ᠶᠤᠤᠮᠠᠢ︾ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠵᠢᠴᠢ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠦᠯᠭᠡ ᠶᠢᠨ ᠠᠵᠢᠯᠯᠠᠭ᠎ᠠ ᠦᠴᠦᠸᠠᠨ ᠰᠢᠶᠠᠨ ᠤ ᠶᠤᠤᠮᠠᠢ ᠶᠢᠨ ᠵᠡᠭᠡᠯᠢ ᠶᠢᠨ ᠪᠸᠢ ᠶᠸᠥ ᠪᠸᠢ ᠶᠡᠭᠡ ᠲᠢᠩᠬᠢᠮ ᠳᠤ ᠶᠠᠪᠤᠭᠳᠠᠵᠤ᠂ ᠡᠯᠪᠡᠭ ᠪᠠᠶᠠᠯᠢᠭ ᠲᠠᠩᠰᠤᠭ ᠰᠠᠶᠢᠬᠠᠨ ᠠᠵᠢᠯᠯᠠᠭ᠎ᠠ  ᠨᠢ ᠥᠷᠭᠡᠨ ᠣᠯᠠᠨ ᠵᠤᠭᠠᠴᠠᠭᠰᠠᠳ ᠲᠤ ᠥᠪᠡᠷᠮᠢᠴᠡ ᠣᠨᠴᠠᠯᠢᠭ ᠲᠠᠢ ︽ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ︾ ᠪᠠᠷ ᠦᠴᠦᠸᠠᠨ ᠰᠢᠶᠠᠨ ᠤ ᠰᠣᠶᠣᠯ ᠤᠨ ᠪᠤᠰᠤ ᠰᠣᠶᠣᠯ ᠤᠨ ᠥᠪ ᠤᠨ ᠰᠣᠶᠣᠯ ᠤᠨ ᠷᠢᠳᠢ ᠰᠢᠳᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠪᠡ᠃
     ᠠᠵᠢᠯᠯᠠᠭ᠎ᠠ ᠶᠢᠨ ᠠᠬᠤᠢ ᠲᠠᠯᠠᠪᠠᠶ ᠳᠤ ᠭᠠᠵᠠᠷ ᠪᠣᠯᠭᠠᠨ ᠳᠤ ᠰᠢᠨ᠎ᠡ ᠵᠢᠯ ᠤᠨ ᠠᠭᠤᠷ ᠠᠮᠢᠰᠬᠤᠯ ᠢᠶᠠᠷ ᠪᠢᠯᠬᠠᠵᠤ᠂ ᠶᠤᠤᠮᠠᠢ ᠶᠢᠨ ᠭᠤᠯᠢᠷ ᠬᠢᠬᠦ ᠤᠷ᠎ᠠ ᠮᠡᠷᠭᠡᠵᠢᠯ᠂ ᠮᠠᠩᠬᠠᠨ ᠳᠠᠭᠤᠤ ᠵᠡᠷᠭᠡ ᠦᠴᠦᠸᠠᠨ ᠰᠢᠶᠠᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠠᠵᠢᠯᠯᠠᠭ᠎ᠠ ᠮᠠᠰᠢ ᠬᠦᠷ ᠬᠥᠭᠵᠢᠶᠡᠨ ᠲᠠᠢ ᠶᠠᠪᠤᠭᠳᠠᠵᠤ᠂ ᠪᠠᠶᠠᠷ ᠪᠠᠶᠠᠰᠤᠯ ᠤᠨ ᠳᠤᠮᠳᠠ ᠰᠢᠨ᠎ᠡ ᠵᠢᠯ ᠤᠨ ᠵᠥᠩᠨᠡᠯ ᠪᠠ ᠬᠦᠰᠡᠯ ᠡᠷᠡᠮᠡᠯᠵᠡᠯ ᠢᠶᠠᠷ ᠳᠦᠭᠦᠷᠴᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠪᠣᠳᠠᠰ ᠤᠨ ᠪᠤᠰᠤ ᠰᠣᠶᠣᠯ ᠤᠨ ᠥᠪ ᠤᠨ ᠪᠠ ᠵᠤᠭᠠᠴᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠨᠢ ᠴᠦ ᠦᠴᠦᠸᠠᠨ ᠰᠢᠶᠠᠨ ᠤ ᠠᠷᠠᠳ ᠲᠦᠮᠡᠨ ᠤ ᠪᠣᠳᠠᠰ ᠤᠨ ᠪᠤᠰᠤ ᠰᠣᠶᠣᠯ ᠤᠨ ᠥᠪ ᠤᠨ ᠪᠠ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠬᠤ ᠶᠢ ᠬᠠᠷᠠᠭᠤᠯᠵᠠᠢ᠃ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠦᠯᠭᠡ ᠶᠢᠨ ᠲᠣᠭᠤᠷᠢᠭ ᠤᠨ ᠡᠯ᠎ᠡ ᠵᠦᠢᠯ ᠤᠨ ᠲᠠᠸᠠᠷ ᠨᠢᠳᠦ ᠳᠦᠭᠦᠷᠡᠩ ᠬᠠᠷᠠᠭᠳᠠᠵᠤ᠂ ᠤᠯᠠᠨ ᠲᠦᠮᠡᠨ ᠤ ᠠᠩᠬᠠᠷᠤᠯ ᠢ ᠲᠠᠲᠠᠵᠤ᠂ ᠦᠴᠦᠸᠠᠨ ᠰᠢᠶᠠᠨ ᠤ ᠬᠢᠨ ᠪᠠᠶᠠᠷ ᠤᠨ ᠳᠠᠷᠠᠭᠠᠬᠢ ᠬᠤᠳᠠᠯᠳᠤᠭᠠᠨ ᠤ ᠠᠮᠢᠵᠢᠷᠠᠯ ᠤᠨ ᠬᠦᠴᠦᠨ ᠪᠣᠯᠣᠨ ᠬᠡᠷᠡᠭᠯᠡᠭᠡᠨ ᠤ ᠬᠦᠴᠦᠨ ᠢ ᠤᠭᠲᠤᠨ ᠠᠪᠴᠢᠷᠠᠪᠠ᠃
     ᠡᠲᠡᠭᠡᠷ ᠣᠷᠣᠨ ᠨᠤᠲᠤᠭ ᠤᠨ ᠣᠨᠴᠠᠯᠢᠭ ᠲᠠᠢ ᠠᠷᠠᠳ ᠤᠨ ᠵᠠᠩ ᠦᠶᠯᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠠᠵᠢᠯᠯᠠᠭ᠎ᠠ ᠨᠢ ᠥᠷᠭᠡᠨ ᠣᠯᠠᠨ ᠲᠦᠮᠡᠨ ᠤ ᠪᠠᠭ᠎ᠠ ᠶᠢᠨ ᠦᠶ᠎ᠡ ᠶᠢᠨ ᠳᠤᠷᠠᠰᠤᠮᠵᠢ ᠶᠢ ᠰᠡᠷᠭᠦᠭᠡᠵᠦ᠂ ᠪᠠᠶᠠᠷ ᠪᠠᠶᠠᠰᠤᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠠᠳᠡᠬᠢ ᠥᠨᠢ ᠤᠳᠠᠭᠠᠨ ᠵᠠᠩ ᠦᠶᠯᠡ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠴᠤ ᠰᠢᠨ᠎ᠡ ᠨᠢᠭᠡ ᠵᠢᠯ ᠳᠤ ᠤᠯᠠᠮᠵᠢᠯᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号