ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠵᠢᠭᠤᠯᠴᠢᠯᠠᠯ ᠤᠨ ᠣᠷᠣᠯᠭ᠎ᠠ 221.22 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2024/2/20
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤᠯᠤᠰ ᠤᠨ ᠳᠣᠲᠣᠭᠠᠳᠤ ᠶᠢᠨ 3140.55 ᠲᠦᠮᠡᠨ ᠵᠢᠭᠤᠯᠴᠢᠯᠠᠭᠴᠢ ︵ᠤᠳᠠᠭ᠎ᠠ︶ ᠶᠢ ᠭᠥᠯᠢᠶᠡᠨ ᠠᠪᠴᠤ᠂ 221.22 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠡᠭᠦᠳᠪᠡ᠃ ᠯᠣᠣ ᠵᠢᠯ ᠤᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠬᠡᠷᠡᠭᠯᠡᠭᠡ ᠬᠥᠭᠵᠢᠶᠡᠨᠲᠡᠢ ᠪᠠᠶᠢᠵᠤ᠂ ᠴᠠᠭᠠᠨ ᠰᠠᠷ᠎ᠠ ᠶᠢᠨ ᠠᠮᠠᠷᠠᠯᠲᠠ  ᠶᠢᠨ ᠬᠤᠭᠤᠴᠠᠭᠠᠨ ᠤ ᠵᠢᠭᠤᠯᠴᠢᠯᠠᠯ ᠤᠨ ᠵᠠᠬᠢᠶᠠᠯᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 127%  ᠪᠠᠷ ᠨᠡᠮᠡᠭᠳᠡᠵᠦ᠂ ᠡᠭᠦᠳᠡᠨ ᠪᠢᠯᠧᠲ ᠤᠨ ᠵᠠᠬᠢᠶᠠᠯᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4 ᠲᠠᠭᠢᠨ ᠢᠯᠡᠭᠦᠦ ᠨᠡᠮᠡᠭᠳᠡᠵᠡᠢ᠃ ᠶᠡᠭᠡ ᠵᠤᠤ ᠰᠦᠮ᠎ᠡ᠂ ᠶᠡᠭᠡ ᠲᠦᠷᠭᠡᠨ ᠭᠤᠣᠯ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠮᠡᠶᠢᠷᠡᠨ ᠭᠤᠤ ᠶᠢᠨ ᠴᠠᠨᠠᠯᠠᠯᠳᠠ ᠶᠢᠨ ᠲᠠᠯᠠᠪᠠᠢ ᠵᠡᠷᠭᠡ ᠦᠵᠡᠮᠵᠢ ᠶᠢᠨ ᠣᠷᠣᠨ ᠨᠢ ᠵᠢᠭᠤᠯᠴᠢᠯᠠᠯ ᠤᠨ ᠬᠠᠯᠠᠮᠰᠢᠯ ᠣᠷᠣᠨ ᠪᠣᠯᠤᠭᠰᠠᠨ ᠪᠠᠶᠢᠨ᠎ᠠ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠮᠠᠨ ᠤ ᠣᠷᠣᠨ ᠤ ᠳ᠋ᠧᠩ ᠤᠨ ᠴᠤᠭᠯᠠᠭᠠᠨ᠂ ᠯᠣᠣ ᠠᠷᠰᠯᠠᠨ ᠪᠥᠵᠢᠭᠯᠡᠭᠦᠯᠬᠦ ᠲᠣᠬᠯᠠᠯᠲᠠ᠂ ᠰᠦᠮ᠎ᠡ ᠶᠢᠨ ᠴᠤᠭᠯᠠᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠠᠵᠢᠯᠯᠠᠭ᠎ᠠ ᠨᠢ ᠵᠢᠭᠤᠯᠴᠢᠯᠠᠬᠰᠠᠳ ᠤᠨ ᠵᠢᠭᠤᠯᠴᠢᠯᠠᠨ ᠰᠣᠨᠢᠷᠬᠠᠬᠤ ᠲᠡᠷᠢᠭᠦᠨ ᠰᠣᠩᠭᠤᠯᠲᠠ ᠪᠣᠯᠵᠠᠢ᠃ ︽ᠤᠯᠠᠭᠠᠨᠴᠠᠪ ᠤᠨ ᠦᠳᠡᠰᠢ︾᠂ ᠬᠠᠲᠤᠨ ᠭᠤᠣᠯ ᠤᠨ ᠲᠣᠬᠤᠢ ᠶᠢᠨ ᠶᠠᠪᠠᠭᠠᠨ ᠵᠡᠭᠡᠯᠢ ᠶᠢᠨ ᠴᠠᠭᠠᠨ ᠰᠠᠷ᠎ᠠ  ᠶᠢᠨ ᠳ᠋ᠧᠩ ᠤᠨ ᠴᠤᠭᠯᠠᠭᠠᠨ᠂ ᠪᠤᠭᠤᠲᠤ ᠶᠢᠨ ᠨᠠᠨ ᠬᠠᠢ ᠶᠢᠨ ᠴᠠᠭᠠᠨ ᠰᠠᠷ᠎ᠠ ᠶᠢ ᠤᠭᠲᠤᠬᠤ ᠳ᠋ᠧᠩ ᠤᠨ ᠴᠤᠭᠯᠠᠭᠠᠨ ᠵᠡᠷᠭᠡ ᠨᠢ ᠬᠤᠲᠠ ᠶᠢᠨ ᠠᠷᠠᠳ ᠤᠨ ᠬᠦᠷᠢᠶᠡᠯᠡᠯ ᠢ ᠤᠯᠪᠠ; ᠭᠦᠭᠡᠬᠤᠲᠠ ᠶᠢᠨ ᠣᠪᠣᠭ᠎ᠠ ᠲᠣᠰᠬᠤᠨ ᠤ ᠵᠢᠦ ᠵᠧᠦ  ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠨᠠᠶᠢᠷ᠂ ᠪᠤᠭᠤᠲᠤ ᠶᠢᠨ ᠠᠯᠳᠠᠨ ᠵᠡᠭᠡᠯᠢ ᠶᠢᠨ ᠪᠣᠳᠠᠰ  ᠤᠨ ᠪᠤᠰᠤ ᠰᠣᠶᠣᠯ ᠤᠨ ᠥᠪ ᠤᠨ ᠰᠢᠨ᠎ᠡ ᠶᠢᠨ ᠪᠠᠷᠠᠭ᠎ᠠ ᠲᠠᠸᠠᠷ ᠤᠨ ᠴᠤᠭᠯᠠᠭᠠᠨ ᠨᠢ ᠠᠷᠠᠳ ᠤᠨ ᠵᠠᠩ ᠦᠢᠯᠡ  ᠶᠢᠨ ᠬᠠᠯᠠᠮᠰᠢᠯ ᠠᠵᠢᠯᠯᠠᠭ᠎ᠠ ᠪᠣᠯᠵᠤ᠂ ᠦᠬᠠᠢ᠂ ᠤᠯᠠᠭᠠᠨᠬᠠᠳᠠ ᠪᠠ ᠪᠠᠶᠠᠨᠨᠠᠭᠤᠷ ᠵᠡᠷᠭᠡ ᠭᠠᠵᠠᠷ ᠤᠨ ᠠᠷᠠᠳ ᠤᠨ ᠵᠠᠩ ᠦᠢᠯᠡ ᠶᠢᠨ ᠠᠵᠢᠯᠯᠠᠭ᠎ᠠ ᠴᠤ ᠬᠤᠳᠠ ᠶᠢᠨ ᠠᠷᠠᠳ ᠤᠨ ᠲᠠᠭᠠᠰᠢᠶᠠᠯ ᠢ ᠣᠯᠵᠠᠢ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠴᠠᠭᠠᠨ ᠰᠠᠷ᠎ᠠ ᠶᠢᠨ ᠬᠤᠭᠤᠴᠠᠭᠠᠨ ᠳᠤ ᠮᠠᠨ ᠤ ᠣᠷᠣᠨ ᠳᠤ ᠢᠷᠡᠵᠦ ᠵᠢᠭᠤᠯᠴᠢᠯᠠᠬᠰᠠᠳ ᠤᠨ ᠬᠥᠮᠥᠨ ︵ᠤᠳᠠᠭ᠎ᠠ︶ ᠳᠤᠮᠳᠠᠴᠢ ᠶᠢᠨ ᠡᠳᠦᠷ ᠤᠨ ᠵᠠᠷᠤᠳᠠᠯ 649.84 ᠲᠥᠭᠦᠷᠢᠭ ᠪᠠᠶᠢᠵᠤ᠂ ᠡᠭᠦᠨ ᠳᠤ ᠵᠠᠮ ᠬᠠᠷᠢᠯᠴᠠᠭᠠᠨ ᠤ ᠵᠠᠷᠤᠳᠠᠯ ᠤᠨ ᠡᠵᠡᠯᠡᠬᠦ ᠬᠠᠷᠢᠴᠠᠯ ᠨᠢ ᠬᠠᠮᠤᠭ ᠤᠨ ᠥᠨᠳᠥᠷ ᠪᠠᠶᠢᠵᠤ 24.28% ᠳᠤ ᠬᠦᠷᠴᠦ᠂ ᠦᠯᠡᠳᠡᠭᠰᠡᠨ ᠨᠢ ᠬᠤᠭᠤᠯᠠ ᠤᠮᠳᠠ᠂ ᠬᠤᠨᠤᠭ ᠪᠠᠭᠤᠳᠠᠯ᠂ ᠪᠠᠷᠠᠭ᠎ᠠ ᠲᠠᠸᠠᠷ ᠬᠤᠳᠠᠯᠳᠤᠨ ᠠᠪᠬᠤ᠂  ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠭᠰᠠᠨ ᠵᠡᠷᠭᠡ ᠵᠠᠷᠤᠳᠠᠯ ᠪᠣᠯᠣᠨ᠎ᠠ᠃ ᠲᠣᠭᠤᠷᠢᠨ ᠵᠢᠭᠤᠯᠴᠢᠯᠠᠭᠰᠠᠨ ᠣᠨᠴᠠᠯᠢᠭ  ᠤᠨ ᠲᠠᠯ᠎ᠠ ᠪᠠᠷ᠂ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠭᠰᠠᠨ ᠬᠥᠮᠥᠨ ᠪᠦᠭᠦ ᠵᠢᠭᠤᠯᠴᠢᠯᠠᠬᠰᠠᠳ ᠤᠨ 71.04% ᠶᠢ ᠡᠵᠡᠯᠡᠨ᠂ ᠨᠢᠰᠬᠡᠯ ᠪᠠ ᠭᠠᠯᠲᠤ ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠢᠶᠠᠷ ᠠᠶᠠᠯᠠᠵᠤ ᠵᠢᠭᠤᠯᠴᠢᠯᠠᠭᠰᠠᠨ ᠬᠥᠮᠥᠨ ᠤ ᠬᠠᠷᠢᠴᠠᠯ 26.61% ᠪᠠᠶᠢᠵᠤ᠂ ᠮᠠᠰᠢᠨ ᠲᠡᠷᠭᠡ ᠲᠦᠷᠢᠶᠡᠰᠦᠯᠡᠵᠦ ᠠᠶᠠᠯᠠᠵᠤ ᠵᠢᠭᠤᠯᠴᠢᠯᠠᠭᠰᠠᠨ ᠬᠥᠮᠥᠨ ᠤ ᠬᠠᠷᠢᠴᠠᠯ 1.41% ᠳᠤ ᠭᠦᠷᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号