2024 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠨᠡᠶᠢᠲᠡ 2170 ᠲᠦᠮᠡᠨ ᠲᠥᠭᠦᠷᠢᠭ ᠬᠦᠷᠴᠦ᠂ ᠵᠢᠯ ᠤᠨ ᠡᠬᠢᠨ ᠤ | ᠲᠥᠰᠥᠪ ᠤᠨ 35000 ᠲᠦᠮᠡᠨ ᠲᠥᠭᠦᠷᠢᠭ ᠤᠨ 7.23% ᠶᠢ ᠪᠡᠶᠡᠯᠡᠭᠦᠯᠵᠡᠢ᠃ ᠡᠭᠦᠨ ᠳᠤ ᠭᠠᠶᠢᠯᠢ ᠶᠢᠨ | ᠣᠷᠣᠯᠭ᠎ᠠ 2114 ᠲᠦᠮᠡᠨ ᠲᠥᠭᠦᠷᠢᠭ ᠬᠦᠷᠴᠦ᠂ ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢᠨ 97.42% ᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 56 ᠲᠦᠮᠡᠨ ᠲᠥᠭᠦᠷᠢᠭ ᠬᠦᠷᠴᠦ᠂ | ᠪᠥᠬᠦ ᠰᠢᠶᠠᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 2.58% ᠶᠢ ᠡᠵᠡᠯᠡᠪᠡ᠃ | 2024 ᠣᠨ ᠤ 1 ᠳ᠋ᠦ᠋ᠭᠡᠷ ᠰᠠᠷ᠎ᠠ ᠶᠢᠨ 31 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠵᠠᠷᠤᠯᠭ᠎ᠠ ᠨᠡᠶᠢᠲᠡ 25821 ᠲᠦᠮᠡᠨ ᠲᠥᠭᠦᠷᠢᠭ ᠬᠦᠷᠴᠦ᠂ ᠲᠦᠷᠦᠭᠦᠸ ᠵᠢᠯ ᠤᠨ | ᠠᠳᠠᠯᠢ ᠬᠤᠭᠤᠴᠠᠭᠠᠨ ᠤ ᠬᠢ ᠠᠴᠠ 2061 ᠲᠦᠮᠡᠨ ᠲᠥᠭᠦᠷᠢᠭ ᠨᠡᠮᠡᠭᠳᠡᠨ᠂ 8.67% ᠪᠠᠷ ᠨᠡᠮᠡᠭᠳᠡᠵᠡᠢ᠃ | ᠭᠤᠣᠯᠳᠠᠯᠭ᠎ᠠ ᠲᠠᠢ ᠵᠠᠷᠤᠯᠭ᠎ᠠ ᠶᠢᠨ ᠪᠠᠶᠢᠳᠠᠯ ᠳᠣᠣᠷᠠᠬᠢ ᠮᠡᠲᠦ᠄ | ᠡᠩ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ ᠨᠡᠶᠢᠲᠡ 1612 ᠲᠦᠮᠡᠨ ᠲᠥᠭᠦᠷᠢᠭ ᠬᠦᠷᠴᠦ | ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1732 ᠲᠦᠮᠡᠨ ᠲᠥᠭᠦᠷᠢᠭ ᠪᠠᠭᠤᠷᠠᠵᠤ᠂ 51.79% | ᠪᠠᠷ ᠪᠠᠭᠤᠷᠠᠪᠠ︔ ᠰᠤᠷᠭᠠᠨ ᠬᠥᠮᠦᠵᠢᠯ ᠤᠨ ᠵᠠᠷᠤᠯᠭ᠎ᠠ ᠨᠡᠶᠢᠲᠡ 2229 ᠲᠦᠮᠡᠨ ᠲᠥᠭᠦᠷᠢᠭ ᠬᠦᠷᠴᠦ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 2028 ᠲᠦᠮᠡᠨ ᠲᠥᠭᠦᠷᠢᠭ ᠪᠠᠭᠤᠷᠠᠵᠤ᠂ 47.64% ᠪᠠᠷ | ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ ᠨᠡᠶᠢᠲᠡ 6799 ᠲᠦᠮᠡᠨ | ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 153 ᠲᠦᠮᠡᠨ ᠲᠥᠭᠦᠷᠢᠭ ᠨᠡᠮᠡᠭᠳᠡᠨ᠂ | 2.3% ᠪᠠᠷ ᠨᠡᠮᠡᠭᠳᠡᠪᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ ᠨᠡᠶᠢᠲᠡ 2466 ᠲᠦᠮᠡᠨ | ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 990 ᠲᠦᠮᠡᠨ ᠲᠥᠭᠦᠷᠢᠭ ᠨᠡᠮᠡᠭᠳᠡᠨ᠂ | 67.07% ᠪᠠᠷ ᠨᠡᠮᠡᠭᠳᠡᠪᠡ︔ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ ᠨᠡᠶᠢᠲᠡ 8679 | ᠲᠦᠮᠡᠨ ᠲᠥᠭᠦᠷᠢᠭ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4960 ᠲᠦᠮᠡᠨ ᠲᠥᠭᠦᠷᠢᠭ | ᠨᠡᠮᠡᠭᠳᠡᠨ᠂ 133.37% ᠪᠠᠷ ᠨᠡᠮᠡᠭᠳᠡᠪᠡ᠃ | | ᠢᠷᠡᠯᠲᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | | |