ᠴᠠᠭᠠᠨ ᠰᠠᠷ᠎ᠠ 4 ᠳ᠋ᠦᠩᠰᠢᠭᠤᠷ ᠬᠥᠮᠥᠨ ᠵᠢᠭᠤᠯᠴᠢᠯᠠᠵᠠᠢ
ᠨᠡᠶᠢᠲᠡᠯᠡᠭᠰᠡᠨ ᠴᠠᠭ᠄
2024/2/20
     ᠰᠣᠶᠣᠯ ᠪᠠ ᠠᠶᠠᠯᠠᠯ ᠵᠢᠭᠤᠯᠴᠢᠯᠠᠯ ᠤᠨ ᠶᠠᠮᠤᠨ ᠤ ᠪᠦᠷᠢᠳᠬᠡᠯ ᠢ ᠦᠨᠳᠦᠰᠦᠯᠡᠪᠡᠯ᠂ ᠴᠠᠭᠠᠨ ᠰᠠᠷ᠎ᠠ ᠶᠢᠨ  ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠳᠤ ᠵᠢᠭᠤᠯᠴᠢᠯᠠᠭᠰᠠᠨ ᠬᠥᠮᠥᠨ ᠳᠠᠪᠬᠤᠷᠳᠠᠭᠰᠠᠨ ᠲᠤᠭ᠎ᠠ ᠪᠠᠷ 4 ᠳ᠋ᠦᠩᠰᠢᠭᠤᠷ7400 ᠲᠦᠮᠡ ᠳᠤ ᠬᠦᠷᠴᠦ ᠨᠢᠳᠤᠨᠤᠨ ᠤ ᠠᠳᠠᠯᠢ ᠬᠤᠭᠤᠴᠠᠭᠠᠨ   ᠤ ᠬᠢ ᠠᠴᠠ 34.3% ᠪᠠᠷ ᠨᠡᠮᠡᠭᠳᠡᠵᠦ᠂  ᠠᠳᠠᠯᠢᠳᠬᠠᠵᠤ ᠪᠣᠯᠬᠤ ᠵᠢᠭᠠᠯᠲᠠ ᠲᠤᠭ᠎ᠠ ᠨᠢ 2019 ᠣᠨ   ᠤ ᠬᠢ ᠠᠴᠠ 19% ᠪᠠᠷ ᠨᠡᠮᠡᠭᠳᠡᠵᠡᠢ᠂ ᠤᠯᠤᠰ ᠤᠨ ᠳᠣᠲᠣᠭᠠᠳᠤ ᠶᠢᠨ ᠵᠢᠭᠤᠯᠴᠢᠳ ᠤᠨ ᠶᠡᠷᠦᠩᠬᠡᠢ ᠵᠠᠷᠤᠯᠭ᠎ᠠ ᠨᠢ 6326 ᠳ᠋ᠦᠩᠰᠢᠭᠤᠷ 8700 ᠲᠦᠮᠡᠨ ᠲᠥᠭᠦᠷᠢᠭ ᠲᠤ ᠬᠦᠷᠴᠦ᠂ ᠨᠢᠳᠤᠨᠤᠨ   ᠤ ᠠᠳᠠᠯᠢ ᠬᠤᠭᠤᠴᠠᠭᠠᠨ ᠤ ᠬᠢ ᠠᠴᠠ 47.3%   ᠪᠠᠷ ᠨᠡᠮᠡᠭᠳᠡᠵᠦ᠂  ᠠᠳᠠᠯᠢᠳᠬᠠᠵᠤ ᠪᠣᠯᠬᠤ ᠵᠢᠭᠠᠯᠲᠠ ᠲᠤᠭ᠎ᠠ ᠨᠢ 2019 ᠣᠨ   ᠤ ᠬᠢ ᠠᠴᠠ 7.7% ᠪᠠᠷ  ᠨᠡᠮᠡᠭᠳᠡᠵᠡᠢ᠃ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠠᠮᠤᠷ ᠲᠦᠪᠰᠢᠨ ᠬᠥᠭᠵᠢᠨ ᠴᠡᠴᠡᠭᠯᠡᠭᠰᠡᠨ ᠡᠮᠬᠢ ᠴᠡᠭᠴᠡ ᠲᠠᠢ ᠪᠠᠶᠢᠵᠤ᠂  ᠵᠠᠬ᠎ᠠ ᠳᠡᠯᠭᠡᠭᠦᠷ ᠤᠨ ᠠᠮᠢᠵᠢᠷᠠᠯ   ᠤᠨ ᠬᠦᠴᠦᠨ ᠪᠠ ᠬᠡᠷᠡᠭᠯᠡᠭᠡᠨ ᠤ ᠨᠥᠭᠡᠴᠡ ᠬᠦᠴᠦᠨ ᠢ ᠦᠷᠭᠦᠯᠵᠢᠯᠡᠨ ᠬᠥᠭᠵᠢᠭᠡᠭᠰᠡᠨ ᠪᠠᠶᠢᠨ᠎ᠠ᠃            ᠴᠠᠭᠠᠨ ᠰᠠᠷ᠎ᠠ ᠶᠢᠨ ᠬᠤᠭᠤᠴᠠᠭᠠᠨ ᠳᠤ᠂  ᠣᠨᠴᠠᠯᠢᠭ ᠲᠠᠢ ᠪᠡᠶᠡᠲᠦ ᠪᠤᠰᠤ ᠰᠣᠶᠣᠯ ᠤᠨ ᠥᠪ ᠤᠨ ᠤᠯᠠᠮᠵᠢᠯᠠᠯᠲᠤ ᠵᠠᠩ ᠢᠷᠭᠡᠨᠰᠢᠯ ᠨᠢ ᠪᠠᠶᠠᠷ ᠤᠨ ᠡᠳᠦᠷ ᠤᠨ ᠠᠭᠤᠷ ᠠᠮᠢᠰᠬᠤᠯ ᠨᠡᠮᠡᠵᠦ᠂  ᠴᠠᠭᠠᠨ ᠰᠠᠷ᠎ᠠ ᠶᠢᠨ ᠳ᠋ᠧᠩ ᠤᠨ ᠦᠵᠡᠭᠦᠯᠭᠡ᠂ ᠰᠦᠮ᠎ᠡ ᠶᠢᠨ ᠴᠤᠭᠯᠠᠭ᠎ᠠ ᠮᠠᠶᠢᠮᠠᠢ᠂  ᠪᠡᠶᠡᠲᠦ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠨᠢ ᠴᠠᠭᠠᠨ ᠰᠠᠷ᠎ᠠ   ᠶᠢᠨ ᠵᠢᠭᠤᠯᠴᠢᠳ ᠤᠨ ᠴᠢᠬᠤᠯᠠ ᠰᠣᠩᠭᠤᠯᠲᠠ ᠪᠣᠯᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号