ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠠᠯᠪᠠᠨ ᠲᠢᠩᠬᠢᠮ ︽ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ | ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ᠭᠤᠣᠯ ᠠᠭᠤᠯᠭ᠎ᠠ ᠨᠢ ᠳᠣᠣᠷᠠᠬᠢ ᠮᠡᠲᠦ᠄ | ᠴᠠᠭ ᠠᠭᠤᠷ ᠤᠨ ᠰᠠᠯᠠᠭ᠎ᠠ ᠮᠥᠴᠢᠷ ᠤᠨ ᠲᠥᠰᠥᠭᠡᠯᠡᠭᠰᠡᠨ ᠢᠶᠠᠷ᠂ ᠣᠶᠢᠷ᠎ᠠ ᠶᠢᠨ ᠬᠤᠭᠤᠴᠠᠭᠠᠨ ᠳᠤ ᠮᠠᠨ ᠤ | ᠤᠯᠤᠰ ᠤᠨ ᠳᠤᠮᠳᠠ ᠪᠠ ᠵᠡᠭᠦᠨ ᠪᠡᠶ᠎ᠡ ᠶᠢᠨ ᠭᠠᠵᠠᠷ ᠣᠷᠣᠨ ᠳᠤ ᠶᠡᠭᠡ ᠬᠡᠪᠴᠢᠶᠡᠨ ᠤ ᠦᠷᠭᠦᠯᠵᠢᠯᠡᠭᠰᠡᠨ ᠴᠢᠨᠠᠷᠲᠠᠢ | ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠴᠠᠭ ᠠᠭᠤᠷ ᠢᠯᠡᠷᠡᠵᠦ᠂ ᠬᠡᠰᠡᠭ ᠭᠠᠵᠠᠷ ᠣᠷᠣᠨ ᠳᠤ ᠣᠷᠣᠬᠤ | ᠶᠡᠷᠦᠩᠬᠡᠢ ᠴᠠᠰᠤᠨ ᠤ ᠬᠡᠮᠵᠢᠶ᠎ᠡ ᠨᠢ ᠲᠡᠦᠬᠡ ᠶᠢᠨ ᠠᠳᠠᠯᠢ ᠬᠤᠭᠤᠴᠠᠭᠠᠨ ᠤ ᠬᠢ ᠲᠠᠢ ᠣᠶᠢᠷᠠᠳᠬᠤ ᠪᠤᠶᠤ ᠲᠡᠭᠦᠨ | ᠠᠴᠠ ᠳᠠᠪᠠᠵᠤ᠂ ᠪᠣᠷᠣᠭᠠᠨ ᠴᠠᠰᠤ ᠣᠷᠣᠬᠤ ᠪᠦᠷᠬᠦᠴᠡ ᠶᠢᠨ ᠬᠡᠪᠴᠢᠶ᠎ᠡ ᠨᠢ ᠥᠷᠭᠡᠨ᠂ ᠦᠷᠭᠦᠯᠵᠢᠯᠡᠬᠦ ᠴᠠᠭ ᠨᠢ | ᠤᠷᠲᠤ᠂ ᠬᠥᠯᠳᠡᠭᠦᠦ ᠪᠣᠷᠣᠭᠠᠨ ᠤ ᠬᠡᠪᠴᠢᠶ᠎ᠡ ᠨᠢ ᠶᠡᠭᠡ᠂ ᠪᠣᠷᠣᠭᠠᠨ ᠴᠠᠰᠤ ᠮᠥᠰᠥᠲᠦᠯ ᠤᠨ ᠭᠠᠮᠰᠢᠭ ᠤᠨ | ᠲᠦᠭᠰᠢᠭᠦᠷᠢ ᠥᠨᠳᠥᠷ᠂ ᠡᠨᠡ ᠨᠢ ᠶᠠᠭ ᠴᠠᠭᠠᠨ ᠰᠠᠷ᠎ᠠ ᠶᠢᠨ ᠬᠤᠭᠤᠴᠠᠭ᠎ᠠ ᠲᠠᠢ ᠬᠠᠷᠭᠤᠵᠤ ᠬᠥᠮᠥᠰ ᠶᠡᠭᠡ | ᠬᠡᠪᠴᠢᠶ᠎ᠡ ᠪᠠᠷ ᠨᠠᠭᠠᠰᠢ ᠴᠠᠭᠠᠰᠢ ᠨᠡᠭᠦᠳᠡᠯᠯᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠴᠠᠭᠢᠯᠭᠠᠨ ᠬᠦᠴᠦᠨ ᠤ ᠬᠠᠩᠭᠠᠯᠭ᠎ᠠ | ᠪᠣᠯᠣᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠵᠡᠷᠭᠡ ᠳᠤ ᠠᠰᠢᠭ ᠦᠭᠡᠢ ᠨᠥᠯᠥᠭᠡ ᠠᠪᠴᠢᠷᠠᠬᠤ ᠲᠤᠯᠠ | ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ᠪᠠᠶᠢᠨ᠎ᠠ᠃ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ | ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ | ᠪᠦᠲᠦᠮᠵᠢᠲᠡᠶ ᠰᠠᠶᠢᠲᠤᠷ ᠬᠢᠬᠦ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷ᠎ᠠ ᠮᠡᠳᠡᠭᠳᠡᠶ᠎ᠡ᠃ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠡᠯ᠎ᠡ ᠭᠠᠵᠠᠷ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠬᠦᠢᠲᠡᠨ ᠠᠭᠤᠷ ᠠᠮᠢᠰᠬᠤᠯ ᠪᠣᠷᠣᠭᠠᠨ ᠴᠠᠰᠤ | ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠶᠡᠭᠡ ᠬᠡᠪᠴᠢᠶᠡᠨ ᠤ ᠳᠣᠣᠷ᠎ᠠ ᠳᠤᠯᠠᠭᠠᠨ ᠪᠣᠷᠣᠭᠠᠨ | ᠴᠠᠰᠤ ᠮᠥᠰᠥᠲᠦᠯ ᠤᠨ ᠭᠠᠮᠰᠢᠭ ᠲᠤ ᠬᠤᠯᠪᠣᠭᠳᠠᠬᠤ ᠠᠵᠢᠯ ᠲᠥᠷᠥᠯ ᠰᠠᠯᠠᠭ᠎ᠠ ᠮᠥᠴᠢᠷ ᠣᠯᠠᠨ᠂ ᠳᠠᠭᠠᠯᠳᠤᠨ | ᠡᠭᠦᠰᠬᠦ ᠭᠠᠮᠰᠢᠭ ᠤᠨ ᠬᠡᠯᠬᠢᠶ᠎ᠡ ᠤᠷᠲᠤ᠂ ᠠᠵᠤ ᠠᠬᠤᠢ ᠨᠡᠶᠢᠭᠡᠮ ᠳᠤ ᠦᠵᠡᠭᠦᠯᠭᠦ ᠨᠥᠯᠥᠭᠡ ᠶᠡᠭᠡ ᠵᠡᠷᠭᠡ | ᠣᠨᠴᠠᠯᠢᠭ ᠢ ᠭᠦᠢᠴᠡᠳ ᠲᠠᠨᠢᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠤᠶᠢᠯᠰᠢᠷᠠᠯ ᠤᠨ ᠰᠡᠳᠬᠢᠬᠦᠢ ᠶᠢ ᠪᠠᠲᠤ | ᠪᠤᠢ ᠪᠤᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠲᠠᠶᠢᠪᠤᠰᠢᠷᠠᠬᠤ ᠪᠤᠳᠤᠯ ᠪᠠ ᠬᠠᠭᠤᠳᠠᠮᠴᠢ ᠰᠡᠳᠬᠢᠴᠡ ᠶᠢ ᠡᠷᠡᠰ | ᠲᠡᠪᠴᠢᠵᠦ᠂ ᠡᠯ᠎ᠡ ᠭᠤᠭᠴᠤᠭ᠎ᠠ ᠶᠢᠨ ᠠᠵᠢᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠠᠷᠠᠳ | ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ | ᠪᠦᠭᠦ ᠬᠦᠴᠦᠨ ᠢᠶᠠᠷ ᠢᠶᠠᠨ ᠪᠠᠲᠤᠯᠠᠵᠤ᠂ ᠠᠷᠠᠳ ᠣᠯᠠᠨ ᠤ ᠪᠠᠶᠠᠷ ᠤᠨ ᠡᠳᠦᠷ ᠢᠶᠠᠨ ᠪᠠᠶᠠᠷ ᠭᠦᠷ ᠲᠠᠢ ᠥᠯᠵᠡᠢ | ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ | ᠬᠤᠶᠠᠷ᠂ ᠬᠢᠨᠠᠨ ᠬᠡᠮᠵᠢᠵᠦ ᠰᠡᠷᠡᠮᠵᠢᠯᠡᠭᠦᠯᠭᠦ ᠪᠠ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠬᠤ | ᠬᠡᠷᠡᠭᠲᠡᠢ᠃ ᠴᠠᠭ ᠠᠭᠤᠷ ᠤᠨ ᠬᠤᠪᠢᠷᠠᠯᠲᠠ ᠶᠢ ᠨᠢᠭᠲᠠ ᠠᠩᠬᠠᠷᠴᠤ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ | ᠮᠥᠴᠢᠷ ᠤᠳ ᠰᠢᠷᠦᠭᠦᠨ ᠪᠣᠷᠣᠭᠠᠨ᠂ ᠴᠢᠩᠭ᠎ᠠ ᠬᠦᠢᠲᠡᠨ ᠴᠠᠭ ᠠᠭᠤᠷ ᠢ ᠬᠢᠨᠠᠨ ᠬᠡᠮᠵᠢᠬᠦ ᠪᠠ ᠭᠦᠨᠵᠡᠭᠡᠢ ᠰᠤᠳᠤᠯᠤᠨ | ᠮᠠᠭᠠᠳᠯᠠᠬᠤ ᠪᠠᠨ ᠴᠢᠩᠭᠠᠳᠬᠠᠵᠤ᠂ ᠣᠬᠤᠷ ᠬᠤᠭᠤᠴᠠᠭᠠᠨ ᠳᠤ ᠳᠡᠷᠡ ᠳᠣᠣᠷ᠎ᠠ ᠨᠢ ᠤᠷᠢᠳᠴᠢᠯᠠᠨ ᠮᠡᠳᠡᠭᠡᠯᠡᠬᠦ ᠪᠣᠯᠣᠨ | ᠰᠡᠷᠡᠮᠵᠢ ᠶᠢᠨ ᠳᠣᠬᠢᠶ᠎ᠠ ᠶᠢ ᠲᠦᠷᠭᠡᠨ ᠮᠡᠳᠡᠭᠡᠯᠡᠬᠦ ᠪᠠᠨ ᠴᠢᠩᠭᠠᠷᠠᠭᠤᠯᠤᠨ᠂ ᠴᠠᠭ ᠠᠭᠤᠷ ᠤᠨ ᠦᠢᠯᠡᠴᠢᠯᠡᠭᠡ ᠶᠢ ᠴᠠᠭ | ᠲᠤᠬᠠᠢ ᠳᠤᠨᠢ ᠣᠨᠣᠪᠴᠢᠲᠠᠶ ᠬᠠᠩᠭᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠭᠦ᠂ ᠵᠥᠪᠳᠡᠯᠴᠡᠵᠦ ᠰᠤᠳᠤᠯᠤᠨ ᠮᠠᠭᠠᠳᠯᠠᠬᠤ ᠲᠣᠭᠲᠠᠴᠠ ᠶᠢ ᠪᠦᠷᠢᠨᠰᠢᠭᠦᠯᠵᠦ᠂ | ᠤᠷᠢᠳᠴᠢᠯᠠᠨ ᠰᠡᠷᠡᠮᠵᠢᠯᠡᠭᠦᠯᠭᠦ ᠴᠢᠨᠠᠷᠲᠠᠢ᠂ ᠴᠤᠬᠤᠶᠢᠯᠳᠠ ᠶᠢᠨ ᠴᠢᠨᠠᠷᠲᠠᠢ ᠮᠡᠳᠡᠭᠡ ᠵᠠᠩᠭᠢ ᠶᠢ ᠴᠤᠭᠯᠠᠭᠤᠯᠬᠤ ᠪᠠ | ᠵᠠᠳᠠᠯᠬᠤ ᠶᠢ ᠴᠠᠭ ᠲᠤᠬᠠᠢ ᠳᠤᠨᠢ ᠥᠷᠨᠢᠭᠦᠯᠦᠨ᠂ ᠬᠠᠨᠳᠤᠯᠭᠠᠲᠤ ᠴᠢᠨᠠᠷᠲᠠᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠬᠤ ᠬᠡᠷᠡᠭᠲᠡᠢ᠃ ᠤᠷᠢᠳᠴᠢᠯᠠᠨ ᠰᠡᠷᠡᠮᠵᠢᠯᠡᠭᠦᠯᠭᠦ ᠶᠢ ᠴᠤᠤᠷᠢᠶᠠᠲᠤᠬᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢᠯ ᠤᠨ | ᠵᠠᠭᠤᠴᠢᠯᠠᠭᠤᠷ ᠢ ᠭᠦᠢᠴᠡᠳ ᠠᠰᠢᠭᠯᠠᠨ᠂ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠭᠦ ᠪᠠ ᠭᠠᠮᠰᠢᠭ ᠢ | ᠰᠡᠷᠭᠡᠶᠢᠯᠡᠵᠦ ᠭᠠᠮᠰᠢᠭ ᠠᠴᠠ ᠵᠠᠶᠢᠯᠠᠬᠤ ᠮᠡᠳᠡᠭᠡ ᠵᠠᠩᠭᠢ ᠶᠢ ᠣᠯᠠᠨ ᠠᠷᠭ᠎ᠠ ᠵᠠᠮ ᠢᠶᠠᠷ᠂ ᠥᠷᠭᠡᠨ ᠢᠶᠠᠷ ᠪᠦᠷᠬᠦᠭᠦᠯᠵᠦ᠂ | ᠣᠯᠠᠨ ᠤᠳᠠᠭ᠎ᠠ ᠨᠡᠶᠢᠲᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠬᠤ᠂ ᠰᠢᠯᠵᠢᠭᠦᠯᠦᠨ ᠠᠶᠤᠯ ᠠᠴᠠ | ᠵᠠᠶᠢᠯᠠᠭᠤᠯᠬᠤ ᠵᠡᠷᠭᠡ ᠴᠢᠬᠤᠯᠠ ᠠᠷᠭ᠎ᠠ ᠬᠡᠮᠵᠢᠶ᠎ᠡ ᠶᠢ ᠮᠥᠷᠳᠡᠵᠦ ᠬᠠᠷᠢᠭᠤ ᠲᠤᠰᠬᠠᠵᠤ ᠬᠢᠨᠠᠨ ᠬᠠᠷᠭᠤᠭᠤᠯᠬᠤ ᠶᠢ | ᠴᠢᠩᠭᠠᠷᠠᠭᠤᠯᠤᠨ᠂ ᠪᠦᠭᠦ ᠴᠤᠪᠤᠷᠠᠯ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ | ᠭᠤᠷᠪᠠ᠂ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠵᠤ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠲᠥᠰᠥᠯ ᠢᠶᠠᠨ ᠴᠢᠨᠠᠭᠰᠢᠳᠠ ᠨᠠᠷᠢᠯᠢᠭᠵᠢᠭᠤᠯᠤᠨ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠭᠦᠨᠵᠡᠭᠡᠢ ᠵᠢᠭᠰᠠᠭᠠᠨ ᠪᠠᠶᠢᠴᠠᠭᠠᠵᠤ᠂ ᠴᠠᠰᠤ ᠮᠥᠰᠥᠲᠦᠯ ᠢ ᠰᠡᠷᠭᠡᠶᠢᠯᠡᠬᠦ ᠭᠠᠮᠰᠢᠭ ᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠢ᠃ ᠡᠯ᠎ᠡ ᠵᠦᠢᠯ ᠤᠨ ᠡᠭᠦᠰᠴᠦ ᠮᠡᠳᠡᠬᠦ ᠬᠠᠴᠢᠨ ᠪᠠᠶᠢᠳᠠᠯ ᠳᠤ | ᠰᠠᠭᠤᠷᠢᠯᠠᠨ᠂ ᠠᠮᠤᠷ ᠲᠦᠪᠰᠢᠨ ᠢ ᠪᠠᠲᠤᠯᠠᠬᠤ᠂ ᠲᠡᠭᠡᠭᠡᠪᠦᠷᠢ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ | ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯᠲᠠᠳ ᠢ | ᠨᠠᠶᠢᠳᠠᠪᠤᠷᠢᠵᠢᠭᠤᠯᠵᠤ᠂ ᠡᠳ᠋ ᠪᠣᠳᠠᠰ ᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠮᠥᠰᠥ ᠠᠷᠢᠯᠭᠠᠭᠴᠢ | ᠡᠳ᠋᠂ ᠴᠠᠰᠤ ᠬᠠᠶᠢᠯᠤᠭᠤᠯᠬᠤ ᠡᠳ᠋᠂ ᠬᠠᠯᠲᠤᠷᠢᠬᠤ ᠠᠴᠠ ᠰᠡᠷᠭᠡᠶᠢᠯᠡᠬᠦ ᠮᠠᠲ᠋ᠧᠷᠢᠶᠠᠯ ᠵᠡᠷᠭᠡ ᠠᠶᠤᠯ ᠠᠴᠠ ᠠᠪᠤᠷᠠᠬᠤ | ᠡᠳ᠋ ᠪᠣᠳᠠᠰ ᠪᠣᠯᠣᠨ ᠬᠥᠪᠥᠩ ᠬᠤᠪᠴᠠᠰᠤ᠂ ᠬᠥᠪᠥᠩ ᠭᠦᠨᠵᠢᠯᠡ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ | ᠭᠦᠢᠴᠡᠳ ᠪᠡᠯᠡᠳᠬᠡᠵᠦ᠂ ᠠᠶᠤᠯ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ | ᠭᠡᠨᠡᠳᠲᠡ ᠡᠭᠦᠰᠦᠭᠰᠡᠨ ᠠᠶᠤᠯ ᠲᠦᠭᠰᠢᠭᠦᠷᠢ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠭᠦ ᠬᠦᠴᠦᠨ ᠢᠶᠠᠷ ᠢᠶᠠᠨ | ᠰᠠᠶᠢᠲᠤᠷ ᠬᠢᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ | ᠲᠤᠰᠠᠯᠠᠬᠤ ᠠᠵᠢᠯ ᠢ ᠴᠠᠭ ᠲᠤᠬᠠᠢ ᠳᠤᠨᠢ ᠬᠦᠴᠦᠲᠡᠢ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠭᠠᠮᠰᠢᠭ ᠠᠴᠠ | ᠠᠪᠤᠷᠠᠬᠤ ᠵᠣᠭᠤᠰ ᠮᠥᠩᠭᠦ ᠡᠳ᠋ ᠪᠣᠳᠠᠰ ᠢ ᠦᠳᠲᠡᠷ ᠲᠦᠷᠭᠡᠨ ᠰᠢᠯᠵᠢᠭᠦᠯᠦᠨ ᠥᠭᠴᠦ᠂ ᠭᠠᠮᠰᠢᠭ ᠠᠴᠠ ᠠᠪᠤᠷᠠᠨ | ᠲᠤᠰᠠᠯᠠᠬᠤ ᠠᠵᠢᠯ ᠢ ᠥᠷᠨᠢᠭᠦᠯᠦᠨ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠠᠮᠰᠢᠭᠳᠠᠭᠰᠠᠨ | ᠤᠯᠠᠨ ᠲᠦᠮᠡᠨ ᠤ ᠢᠳᠡᠬᠦ ᠬᠤᠭᠤᠯᠠ ᠲᠠᠢ᠂ ᠡᠮᠦᠰᠬᠦ ᠬᠤᠪᠴᠠᠰᠤ ᠲᠠᠢ᠂ ᠴᠡᠪᠡᠷ ᠤᠰᠤ ᠲᠠᠢ᠂ ᠠᠮᠤᠷ ᠲᠦᠪᠰᠢᠨ | ᠳᠤᠯᠠᠭᠠᠨ ᠣᠷᠣᠨ ᠰᠠᠭᠤᠴᠠ ᠲᠠᠢ᠂ ᠡᠪᠡᠳᠴᠢᠨ ᠢᠶᠠᠨ ᠴᠠᠭ ᠲᠤᠬᠠᠢ ᠳᠤᠨᠢ ᠡᠮᠨᠡᠭᠦᠯᠦᠨ ᠵᠠᠰᠠᠭᠤᠯᠬᠤ ᠶᠢ ᠦᠨᠡᠨ ᠬᠦ | ᠪᠠᠲᠤᠯᠠᠵᠤ᠂ ᠭᠠᠮᠰᠢᠭᠳᠠᠭᠰᠠᠨ ᠤᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠢ᠃ | ᠳᠥᠷᠪᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠶᠤᠯᠭᠦᠢ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠲᠡᠮᠦᠷ ᠵᠠᠮ᠂ | ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠭᠠᠮᠰᠢᠭᠲᠤ ᠴᠠᠭ ᠠᠭᠤᠷ ᠢ | ᠠᠷᠭᠠᠴᠠᠭᠠᠬᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠲᠡᠭᠡᠭᠡᠪᠦᠷᠢ ᠶᠢᠨ ᠴᠢᠳᠠᠪᠤᠷᠢ ᠪᠠᠨ | ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠳᠠᠯᠳᠠ ᠬᠦᠴᠦᠨ ᠢ ᠠᠭᠤᠳᠠᠯᠤᠨ ᠦᠷ᠎ᠡ ᠪᠦᠲᠦᠮᠵᠢ ᠪᠠᠨ | ᠳᠡᠭᠡᠭᠰᠢᠯᠡᠭᠦᠯᠭᠦ ᠡᠷᠴᠢᠮ ᠢᠶᠠᠨ ᠨᠡᠮᠡᠭᠳᠡᠭᠦᠯᠦᠨ᠂ ᠵᠠᠮ ᠬᠠᠷᠢᠯᠴᠠᠭᠠᠨ ᠤ ᠲᠣᠣᠷ ᠤᠨ ᠰᠠᠭᠠᠳ ᠦᠭᠡᠢ ᠨᠡᠪᠲᠡᠷᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠢᠯᠠᠩᠭᠤᠶ᠎ᠠ ᠴᠠᠭᠠᠨ ᠰᠠᠷ᠎ᠠ ᠶᠢᠨ ᠲᠡᠭᠡᠭᠡᠪᠦᠷᠢ ᠶᠢᠨ ᠣᠷᠭᠢᠯ ᠦᠶ᠎ᠡ ᠳᠤ | ᠴᠢᠭᠯᠡᠭᠦᠯᠦᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠣᠨ ᠠᠵᠢᠯᠲᠠᠨ ᠢ | ᠴᠠᠭ ᠲᠤᠬᠠᠢ ᠳᠤᠨᠢ ᠲᠣᠬᠢᠷᠠᠭᠤᠯᠤᠨ᠂ ᠡᠭᠡᠯᠵᠢ ᠶᠢᠨ ᠨᠢᠰᠬᠡᠯ᠂ ᠲᠡᠷᠭᠡᠨ ᠡᠭᠡᠯᠵᠢ ᠳᠤ ᠲᠣᠬᠢᠷᠠᠭᠤᠯᠤᠯᠲᠠ ᠬᠢᠬᠦ ᠮᠡᠳᠡᠭᠡ | ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠶᠠᠨᠴᠢᠳ ᠤᠨ ᠶᠠᠪᠤᠵᠤ ᠰᠠᠭᠤᠬᠤ ᠪᠠᠨ ᠲᠣᠬᠢᠷᠠᠭᠤᠯᠬᠤ᠂ ᠡᠮᠬᠢ | ᠵᠢᠷᠤᠮ ᠲᠠᠢ ᠨᠡᠭᠦᠳᠡᠯᠯᠡᠬᠦ ᠶᠢ ᠬᠥᠲᠥᠯᠥᠨ ᠵᠢᠯᠤᠭᠤᠳᠴᠤ᠂ ᠪᠣᠷᠣᠭᠠᠨ ᠴᠠᠰᠤ ᠮᠥᠰᠥᠲᠦᠯ ᠤᠨ ᠭᠠᠮᠰᠢᠭ ᠤᠨ | ᠦᠵᠡᠭᠦᠯᠭᠦ ᠨᠥᠯᠥᠭᠡ ᠶᠢ ᠬᠠᠮᠤᠭ ᠤᠨ ᠳᠣᠣᠷ᠎ᠠ ᠬᠡᠮᠵᠢᠶᠡᠨ ᠳᠤ ᠭᠦᠷᠲᠡᠯ᠎ᠡ ᠪᠠᠭᠠᠰᠬᠠᠬᠤ ᠬᠡᠷᠡᠭᠲᠡᠢ᠃ ᠵᠠᠮ ᠬᠠᠷᠢᠯᠴᠠᠭ᠎ᠠ | ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠮᠥᠰᠥ ᠴᠠᠰᠤ ᠶᠢ ᠴᠠᠭ ᠲᠤᠬᠠᠢ ᠳᠤᠨᠢ | ᠠᠷᠢᠯᠭᠠᠵᠤ᠂ ᠵᠠᠮ ᠬᠠᠷᠢᠯᠴᠠᠭ᠎ᠠ ᠵᠠᠮ ᠤᠨ ᠪᠠᠶᠢᠳᠠᠯ ᠢ ᠴᠠᠭᠳᠠᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠲᠡᠮᠦᠷ | ᠵᠠᠮ ᠤᠨ ᠰᠠᠯᠠᠭ᠎ᠠ ᠮᠥᠴᠢᠷ ᠤᠳ ᠴᠠᠰᠤ ᠪᠣᠷᠣᠭᠠᠨ ᠲᠠᠢ ᠴᠠᠭ ᠠᠭᠤᠷ ᠤᠨ ᠡᠯᠧᠮᠧᠨ᠋ᠲ ᠢ ᠭᠦᠢᠴᠡᠳ ᠪᠣᠳᠣᠯᠬᠢᠯᠠᠨ᠂ | ᠲᠡᠭᠡᠭᠡᠪᠦᠷᠢ ᠶᠢᠨ ᠬᠦᠴᠦᠨ ᠢ ᠲᠣᠬᠢᠷᠠᠭᠤᠯᠬᠤ ᠡᠷᠴᠢᠮ ᠢᠶᠠᠨ ᠨᠡᠮᠡᠭᠳᠡᠭᠦᠯᠵᠦ᠂ ᠠᠶᠠᠨᠴᠢᠳ ᠵᠢᠴᠢ ᠴᠠᠭᠢᠯᠭᠠᠨ ᠨᠡᠭᠦᠷᠡᠰᠦ | ᠵᠡᠷᠭᠡ ᠴᠢᠬᠤᠯᠠ ᠡᠳ᠋ ᠪᠠᠷᠠᠭᠠᠨ ᠤ ᠲᠡᠭᠡᠭᠡᠪᠦᠷᠢ ᠶᠢ ᠦᠨᠡᠨ ᠬᠦ ᠪᠠᠲᠤᠯᠠᠬᠤ ᠬᠡᠷᠡᠭᠲᠡᠢ᠃ ᠠᠷᠠᠳ ᠤᠨ ᠠᠭᠠᠷ ᠤᠨ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠴᠠᠰᠤ ᠰᠢᠭᠤᠷᠭ᠎ᠠ᠂ ᠶᠡᠭᠡ ᠮᠠᠨᠠᠨ᠂ ᠬᠢᠷᠠᠭᠤ ᠶᠢᠨ ᠦᠵᠡᠭᠦᠯᠵᠦ ᠮᠡᠳᠡᠬᠦ | ᠨᠥᠯᠥᠭᠡᠯᠡᠯ ᠳᠤ ᠴᠢᠭᠯᠡᠭᠦᠯᠦᠨ᠂ ᠠᠶᠤᠯᠭᠦᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠨᠢᠰᠦᠯᠲᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠢᠭᠲᠠ ᠬᠠᠮᠵᠢᠯᠴᠠᠨ ᠵᠣᠬᠢᠴᠠᠭᠤᠯᠵᠤ᠂ ᠬᠠᠰᠢᠭᠳᠠᠵᠤ ᠬᠤᠴᠣᠷᠤᠭᠰᠠᠨ ᠠᠶᠠᠨᠴᠢᠳ ᠪᠠ | ᠵᠢᠯᠣᠭᠤᠴᠢᠳ ᠲᠤ ᠦᠢᠯᠡᠴᠢᠯᠡᠬᠦ ᠠᠵᠢᠯ ᠢ ᠲᠣᠬᠢᠲᠠᠢ ᠰᠠᠶᠢᠲᠤᠷ ᠲᠣᠬᠢᠷᠠᠭᠤᠯᠵᠤ᠂ ᠰᠠᠶᠢᠨ ᠰᠠᠶᠢᠬᠠᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ | ᠲᠠᠪᠤ᠂ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠤᠨ ᠬᠡᠪ ᠤᠨ ᠠᠵᠢᠯᠯᠠᠭᠠᠨ ᠢ ᠪᠠᠲᠤᠯᠠᠬᠤ ᠬᠡᠷᠡᠭᠲᠡᠢ᠃ | ᠨᠡᠭᠦᠷᠡᠰᠦ ᠴᠠᠭᠢᠯᠭᠠᠨ ᠲᠣᠰᠣ ᠰᠢᠲᠠᠮᠠᠬᠠᠢ ᠬᠡᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠭᠤᠣᠯᠯᠠᠭᠴᠢ ᠴᠠᠭᠢᠯᠭᠠᠨ ᠲᠣᠣᠷ᠂ ᠴᠢᠮᠡᠭᠡ ᠬᠤᠯᠪᠣᠭᠠᠨ ᠤ ᠰᠦᠯᠵᠢᠶ᠎ᠡ᠂ ᠲᠣᠰᠣ ᠰᠢᠲᠠᠮᠠᠬᠠᠢ ᠬᠡᠢ ᠤᠰᠤ ᠳᠤᠯᠠᠭᠠᠯᠠᠭ᠎ᠠ | ᠵᠡᠷᠭᠡ ᠲᠥᠬᠦᠭᠡᠷᠦᠮᠵᠢ ᠶᠢᠨ ᠠᠶᠤᠯᠭᠦᠢ ᠶᠢᠨ ᠪᠠᠶᠢᠴᠠᠭᠠᠯᠲᠠ ᠶᠢ ᠥᠷᠨᠢᠭᠦᠯᠵᠦ᠂ ᠠᠶᠤᠯ ᠠᠴᠠ ᠠᠪᠤᠷᠠᠨ ᠲᠤᠰᠠᠯᠠᠬᠤ | ᠪᠡᠯᠡᠳᠬᠡᠯ ᠠᠵᠢᠯ ᠢ ᠴᠢᠩᠭᠠᠳᠬᠠᠵᠤ᠂ ᠡᠨᠧᠷᠭᠢ᠂ ᠴᠢᠮᠡᠭᠡ ᠬᠤᠯᠪᠣᠭᠠᠨ ᠤ ᠪᠠᠲᠤᠯᠠᠭ᠎ᠠ ᠪᠠ ᠳᠤᠯᠠᠭᠠᠯᠠᠭ᠎ᠠ ᠶᠢ ᠪᠠᠲᠤᠯᠠᠬᠤ | ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠣᠯᠣᠨ | ᠬᠠᠮᠢᠶ᠎ᠠ ᠪᠦᠬᠦᠢ ᠬᠠᠷᠢᠭᠤᠴᠠᠯᠭᠠᠲᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠳᠣᠣᠷ᠎ᠠ | ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠵᠢᠯ ᠤᠨ ᠠᠷᠭ᠎ᠠ ᠬᠡᠮᠵᠢᠶ᠎ᠡ ᠶᠢ | ᠨᠠᠷᠢᠨ ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ | ᠵᠢᠯᠣᠭᠤᠳᠤᠨ ᠲᠠᠷᠢᠶᠠᠯᠠᠩ ᠣᠶ ᠰᠢᠭᠤᠢ ᠶᠢᠨ ᠲᠠᠷᠢᠮᠠᠯ᠂ ᠮᠠᠯ ᠤᠨ ᠬᠥᠯᠳᠡᠬᠦ ᠠᠴᠠ ᠰᠡᠷᠭᠡᠶᠢᠯᠡᠬᠦ ᠪᠠ ᠬᠥᠯᠳᠡᠭᠰᠡᠨ ᠤ | ᠳᠠᠷᠠᠭᠠᠬᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠡᠪᠳᠡᠭᠳᠡᠭᠰᠡᠨ ᠢᠳᠡᠰᠢᠨ ᠨᠣᠭᠤᠭ᠎ᠠ ᠶᠢᠨ ᠬᠦᠯᠡᠮᠵᠢ᠂ ᠮᠠᠯ | ᠵᠢᠭᠦᠷᠲᠡᠨ ᠤ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠤᠨ ᠲᠥᠬᠦᠭᠡᠷᠦᠮᠵᠢ ᠶᠢ ᠳᠠᠷᠤᠶᠢᠬᠠᠨ ᠰᠡᠷᠭᠦᠭᠡᠵᠦ᠂ | ᠢᠳᠡᠰᠢᠨ ᠨᠣᠭᠤᠭ᠎ᠠ ᠵᠢᠴᠢ ᠰᠢᠨ᠎ᠡ ᠰᠣᠷᠭᠤᠭ ᠬᠥᠳᠡᠭᠡ ᠠᠵᠤ ᠠᠬᠤᠢ ᠶᠢᠨ ᠳᠠᠭᠠᠯᠲᠠ ᠪᠦᠲᠦᠭᠡᠭᠳᠡᠬᠦᠨ ᠤ | ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠢᠨᠵᠧᠨᠧᠷᠢᠩ ᠤᠨ ᠡᠪᠦᠯ ᠤᠨ ᠤᠯᠠᠷᠢᠯ ᠳᠠᠬᠢ ᠪᠦᠲᠦᠭᠡᠨ | ᠪᠠᠶᠢᠭᠤᠯᠤᠯᠲᠠ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠲᠣᠪᠤᠶᠢᠯᠭᠠᠨ᠂ ᠪᠠᠷᠢᠯᠭ᠎ᠠ ᠶᠢᠨ ᠭᠠᠵᠠᠷ ᠤᠨ | ᠬᠤᠸᠠᠷᠠᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠬᠦ ᠶᠢ ᠬᠢᠨᠠᠨ ᠵᠢᠯᠤᠭᠤᠳᠴᠤ᠂ ᠳᠣᠣᠷ᠎ᠠ | ᠳᠤᠯᠠᠭᠠᠨ ᠪᠣᠷᠣᠭᠠᠨ ᠴᠠᠰᠤ ᠮᠥᠰᠥᠲᠦᠯ ᠤᠨ ᠭᠠᠮᠰᠢᠭ ᠠᠴᠠ ᠪᠣᠯᠤᠭᠰᠠᠨ ᠠᠳᠡᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ | ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠳᠪᠦᠷᠢᠯᠡᠯ ᠪᠣᠷᠤᠯᠠᠭᠤᠯᠭ᠎ᠠ ᠬᠠᠩᠭᠠᠯᠭ᠎ᠠ ᠶᠢ ᠪᠠᠲᠤᠯᠠᠬᠤ ᠶᠢ | ᠴᠢᠩᠭᠠᠳᠬᠠᠵᠤ᠂ ᠢᠳᠡᠭᠡᠨ ᠤᠮᠳᠠᠭᠠᠨ ᠪᠠᠭᠤᠳᠠᠯ᠂ ᠦᠵᠡᠮᠵᠢ ᠶᠢᠨ ᠣᠷᠣᠨ ᠤ ᠡᠭᠦᠳᠡᠨ ᠪᠢᠯᠧᠲ᠂ ᠡᠳᠦᠷ ᠲᠤᠲᠤᠮ ᠤᠨ | ᠠᠮᠢᠳᠤᠷᠠᠯ ᠤᠨ ᠬᠡᠷᠡᠭᠰᠡᠯ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶᠡᠨ ᠳᠠᠬᠢ ᠦᠨ᠎ᠡ | ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠠᠩᠭᠠᠯᠭ᠎ᠠ ᠶᠢ ᠪᠠᠲᠤᠯᠠᠵᠤ ᠦᠨ᠎ᠡ | ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠦᠨᠳᠦᠰᠦᠨ | ᠵᠦᠢᠯ ᠢ ᠪᠠᠲᠤᠯᠠᠬᠤ ᠶᠢ ᠴᠢᠩᠭᠠᠳᠬᠠᠵᠤ᠂ ᠡᠪᠦᠯ ᠬᠠᠪᠤᠷ ᠤᠨ ᠠᠪᠤᠷᠠᠨ ᠲᠤᠰᠠᠯᠠᠬᠤ ᠪᠠ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠲᠦᠷ ᠵᠠᠭᠤᠷ᠎ᠠ ᠠᠪᠤᠷᠠᠨ ᠲᠤᠰᠠᠯᠠᠬᠤ᠂ ᠬᠦᠴᠢᠷᠳᠡᠯ ᠢ ᠬᠠᠪᠰᠤᠷᠤᠨ ᠲᠡᠳᠬᠦᠬᠦ ᠵᠡᠷᠭᠡ | ᠲᠣᠭᠲᠠᠴᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠠᠮᠤᠷ | ᠲᠦᠪᠰᠢᠨ ᠬᠠᠯᠠᠭᠤᠨ ᠳᠤᠯᠠᠭᠠᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠵᠢᠷᠭᠤᠭ᠎ᠠ᠂ ᠠᠶᠤᠯᠭᠦᠢ ᠦᠢᠯᠡᠳᠪᠦᠷᠢᠯᠡᠯ ᠢ ᠨᠠᠷᠢᠯᠢᠭ ᠪᠣᠳᠠᠲᠠᠢ ᠠᠳᠬᠤᠬᠤ ᠬᠡᠷᠡᠭᠲᠡᠢ᠃ ︽ᠴᠠᠭ ᠢᠮᠠᠭᠲᠠ | ᠰᠠᠨᠠᠭ᠎ᠠ ᠳᠠᠯᠪᠢᠬᠤ︾ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠠᠵᠢᠯᠯᠠᠭ᠎ᠠ ᠶᠢ ᠦᠨᠡᠨ ᠬᠦ ᠠᠬᠢᠭᠤᠯᠵᠤ᠂ ᠠᠶᠤᠯᠲᠠᠢ ᠬᠢᠮᠢ ᠶᠢᠨ | ᠪᠣᠳᠠᠰ᠂ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ᠂ ᠬᠤᠸᠠᠷ ᠫᠤᠤᠵᠢᠩ᠂ ᠪᠠᠷᠢᠯᠭ᠎ᠠ ᠶᠢᠨ ᠠᠵᠢᠯ᠂ ᠣᠨᠴᠠ | ᠲᠥᠷᠥᠯ ᠤᠨ ᠲᠥᠬᠦᠭᠡᠷᠦᠮᠵᠢ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠭᠤᠣᠯᠳᠠᠯᠭ᠎ᠠ ᠲᠠᠢ ᠠᠵᠢᠯ | ᠲᠥᠷᠥᠯ ᠤᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠬᠤ | ᠬᠡᠷᠡᠭᠲᠡᠢ᠃ ᠠᠭᠤᠷᠬᠠᠢ ᠶᠢᠨ ᠠᠮᠤᠷ ᠲᠦᠪᠰᠢᠨ ᠤ ᠨᠠᠢᠮᠠᠨ ᠵᠦᠢᠯ ᠤᠨ ᠬᠠᠲᠠᠭᠤ ᠠᠷᠭ᠎ᠠ ᠬᠡᠮᠵᠢᠶ᠎ᠡ ᠶᠢ ᠡᠷᠡᠰ | ᠨᠠᠶᠢᠳᠠᠪᠤᠷᠢᠵᠢᠭᠤᠯᠵᠤ᠂ ︽ᠶᠢᠰᠦᠨ ᠵᠢᠵᠢᠭ ᠲᠠᠯᠠᠪᠤᠷ ᠭᠠᠵᠠᠷ︾᠂ ᠣᠯᠠᠨ ᠡᠵᠡᠩᠨᠡᠯᠲᠡ ᠶᠢᠨ ᠭᠡᠯᠪᠡᠷᠢ ᠬᠤᠯᠢᠯᠳᠤᠭᠰᠠᠨ | ᠡᠵᠡᠩᠨᠡᠯᠲᠡ ᠶᠢᠨ ᠲᠠᠯᠠᠪᠤᠷ ᠭᠠᠵᠠᠷ᠂ ᠨᠣᠴᠣᠵᠤ ᠳᠡᠯᠪᠡᠷᠡᠬᠦ ᠠᠶᠤᠯᠲᠠᠢ ᠲᠠᠯᠠᠪᠤᠷ ᠭᠠᠵᠠᠷ᠂ ᠬᠥᠮᠥᠨ ᠣᠯᠠᠨ ᠴᠤᠭᠯᠠᠷᠠᠬᠤ | ᠲᠠᠯᠠᠪᠤᠷ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠶᠤᠯᠭᠦᠢ | ᠦᠢᠯᠡᠳᠪᠦᠷᠢᠯᠡᠯ ᠤᠨ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠶᠢ ᠰᠠᠶᠢᠲᠤᠷ | ᠠᠳᠬᠤᠵᠤ᠂ ᠬᠦᠨᠳᠦ ᠣᠨᠴᠠ ᠶᠡᠭᠡ ᠠᠳᠠᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ | ᠳᠣᠯᠤᠭ᠎ᠠ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ | ᠵᠢᠵᠢᠭᠦᠷᠯᠡᠬᠦ᠂ 24 ᠴᠠᠭ ᠢᠶᠠᠷ ᠲᠤᠰᠬᠠᠢ ᠬᠥᠮᠥᠨ ᠵᠢᠵᠢᠭᠦᠷᠯᠡᠬᠦ ᠵᠡᠷᠭᠡ ᠳᠦᠷᠢᠮ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠨᠢᠭᠡᠳᠦᠭᠡᠷ ᠹᠷᠣᠨᠲ ᠤᠨ ᠵᠢᠵᠢᠭᠦᠷᠯᠡᠬᠦ ᠬᠦᠴᠦᠨ ᠢ ᠨᠡᠮᠡᠭᠳᠡᠭᠦᠯᠦᠨ᠂ ᠡᠯ᠎ᠡ ᠵᠦᠢᠯ ᠤᠨ ᠪᠠᠴᠢᠮ | ᠪᠠᠶᠢᠳᠠᠯ ᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠬᠠᠮᠤᠭ ᠤᠨ | ᠲᠡᠷᠢᠭᠦᠨ ᠳᠤ ᠴᠤᠤᠷᠢᠶᠠᠲᠤᠬᠤ᠂ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠲᠣᠰ ᠡᠭᠡᠯᠵᠢ ᠵᠢᠴᠢ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠪᠣᠷᠣᠭᠠᠨ ᠴᠠᠰᠤ ᠲᠠᠢ ᠴᠠᠭ | ᠠᠭᠤᠷ ᠤᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠨᠢᠭᠲᠠ ᠠᠩᠬᠠᠷᠴᠤ᠂ ᠲᠦᠭᠰᠢᠭᠦᠷᠢᠲᠦ ᠪᠠᠶᠢᠳᠠᠯ ᠭᠠᠮᠰᠢᠭ ᠤᠨ | ᠪᠠᠶᠢᠳᠠᠯ ᠢ ᠨᠢᠭᠲᠠ ᠠᠩᠬᠠᠷᠤᠨ᠂ ᠲᠣᠪᠣᠶᠢᠮ᠎ᠠ ᠠᠶᠤᠯ ᠲᠦᠭᠰᠢᠭᠦᠷᠢ ᠶᠢᠨ ᠭᠡᠮ ᠰᠣᠭᠤᠭ ᠢ ᠵᠠᠳᠠᠯᠤᠨ ᠰᠤᠳᠤᠯᠵᠤ | ᠮᠠᠭᠠᠳᠯᠠᠬᠤ ᠪᠠᠨ ᠴᠢᠩᠭᠠᠳᠬᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠡᠭᠦᠰᠪᠡᠯ᠂ ᠮᠡᠳᠡᠭᠡ ᠵᠠᠩᠭᠢ ᠮᠡᠳᠡᠭᠦᠯᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠠᠭᠠᠰᠢᠷᠠᠭᠤᠯᠤᠨ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ | ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠶᠢ ᠡᠷᠡᠰ ᠬᠤᠷᠢᠭᠯᠠᠬᠤ ᠬᠡᠷᠡᠭᠲᠡᠢ᠃ | | | |