ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/2/20
     ᠣᠶᠢᠷ᠎ᠠ ᠳᠤ᠂ ᠨᠠᠮ ᠤᠨ ᠲᠥᠪ ᠬᠤᠷᠢᠶ᠎ᠠ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠨᠠᠮ ᠤᠨ ᠲᠡᠦᠬᠡ ᠶᠢᠨ ᠲᠡᠦᠬᠡ ᠪᠠᠷ ᠡᠳᠦᠭᠡ ᠶᠢ ᠲᠣᠯᠢᠳᠠᠬᠤ᠂ ᠵᠠᠰᠠᠭ ᠲᠤ ᠲᠤᠰᠠᠯᠠᠨ ᠬᠥᠮᠥᠨ ᠢ ᠬᠥᠮᠥᠵᠢᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠪᠣᠯ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠳᠤᠮᠳᠠᠬᠢ ᠮᠠᠰᠢ ᠴᠢᠬᠤᠯᠠ ᠠᠵᠢᠯ ᠪᠣᠯᠣᠨ᠎ᠠ᠃ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠢᠶᠠᠷ ᠦᠨᠳᠦᠰᠦᠨ ᠦᠨᠳᠦᠰᠦᠯᠡᠯ ᠪᠤᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠮᠵᠢ ᠪᠣᠯᠣᠨ ᠠᠵᠢᠯ ᠤᠨ ᠡᠭᠦᠷᠭᠡ ᠬᠠᠷᠢᠭᠤᠴᠠᠯᠭ᠎ᠠ᠂ ᠠᠭᠤᠯᠭ᠎ᠠ᠂ ᠭᠤᠣᠯ ᠭᠡᠯᠪᠡᠷᠢ᠂ ᠪᠠᠲᠤᠯᠠᠭ᠎ᠠ ᠪᠣᠯᠣᠨ ᠬᠢᠨᠠᠯᠲᠠ ᠲᠠᠯᠪᠢᠬᠤ ᠵᠡᠷᠭᠡ  ᠶᠢᠨ ᠲᠣᠭᠤᠷᠢᠨ ᠳᠤ ᠪᠦᠭᠦ ᠲᠠᠯ᠎ᠠ ᠪᠠᠷ ᠵᠢᠷᠤᠮᠵᠢᠭᠤᠯᠪᠠ᠂ ᠡᠨᠡ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠦᠨᠳᠦᠰᠦᠨ ᠵᠢᠷᠤᠮᠯᠠᠯ ᠪᠣᠯᠣᠨ᠎ᠠ᠃ ︽ᠳᠦᠷᠢᠮ︾ ᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠪᠦᠭᠦ ᠨᠠᠮ ᠪᠦᠭᠦ ᠨᠡᠶᠢᠭᠡᠮ ᠢᠶᠠᠷ ᠢᠶᠠᠨ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ᠂ ᠨᠠᠮ ᠤᠨ ᠲᠡᠦᠬᠡ ᠶᠢ ᠰᠠᠶᠢᠲᠤᠷ ᠬᠡᠷᠡᠭᠯᠡᠬᠦ᠂ ᠨᠠᠮ ᠤᠨ ᠲᠡᠦᠬᠡ ᠠᠴᠠ ᠣᠶᠤᠨ ᠤᠬᠠᠭᠠᠨ ᠪᠠ ᠬᠦᠴᠦᠨ ᠴᠢᠳᠠᠯ ᠰᠢᠩᠭᠡᠬᠡᠨ ᠠᠪᠬᠤ ᠶᠢ ᠠᠬᠢᠭᠤᠯᠵᠤ᠂ ᠲᠡᠦᠬᠡ ᠶᠢ ᠰᠤᠷᠤᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠤᠷᠤᠯᠴᠠᠵᠤ ᠢᠲᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠲᠠᠬᠤᠨ ᠢ ᠡᠷᠭᠢᠮᠯᠡᠭᠦ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃      ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠠᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ︽ᠳᠦᠷᠢᠮ︾ ᠤᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠦᠷᠢᠮ︾ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠬᠤ ᠶᠢ ᠨᠠᠮ ᠤᠨ ᠲᠡᠦᠬᠡ ᠶᠢᠨ ᠦᠨᠳᠦᠰᠦᠨ ᠠᠭᠤᠯᠭ᠎ᠠ᠂ ᠨᠠᠮ ᠤᠨ ᠲᠡᠦᠬᠡ ᠶᠢᠨ ᠳ᠋ᠦᠩᠨᠡᠯᠲᠡ᠂ ᠨᠠᠮ ᠤᠨ ᠲᠡᠦᠬᠡ ᠶᠢᠨ ᠲᠤᠷᠰᠢᠯᠭ᠎ᠠ᠂  ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠲᠠᠢ ᠬᠤᠯᠪᠣᠯᠳᠤᠭᠤᠯᠤᠨ ᠨᠠᠪᠲᠠᠷᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠳᠠᠭᠠᠭᠤᠯᠵᠤ ᠵᠥᠪ ᠨᠠᠮ ᠤᠨ ᠲᠡᠦᠬᠡ ᠶᠢᠨ ᠦᠵᠡᠯᠲᠡ ᠶᠢ ᠪᠤᠢ ᠪᠤᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠪᠠᠶᠢᠳᠠᠯ ᠪᠣᠯᠣᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号