ᠮᠠᠨ ᠤ ᠣᠷᠣᠨ 2024 ᠣᠨ ᠤ 1 ᠳ᠋ᠦ᠋ᠭᠡᠷ ᠲᠣᠭᠠᠲᠤ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/2/20
     ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠨᠢᠭᠡᠨᠲᠡ 2024 ᠣᠨ ᠤ 1 ᠳ᠋ᠦ᠋ᠭᠡᠷ ᠲᠣᠭᠠᠲᠤ ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠭᠤᠣᠯᠳᠠᠯᠭ᠎ᠠ︾ ᠶᠢ  ᠨᠡᠶᠢᠲᠡᠯᠡᠵᠦ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠵᠠᠰᠠᠯᠲᠠ ᠬᠠᠮᠠᠭᠠᠯᠠᠯᠲᠠ ᠶᠢ ᠴᠢᠩᠭᠠᠳᠬᠠᠬᠤ᠂ ᠲᠤᠯᠭᠠᠭᠤᠷᠢᠯᠠᠨ ᠪᠠᠲᠤᠯᠠᠬᠤ 3 ᠲᠠᠯ᠎ᠠ ᠠᠴᠠ 2024 ᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ 17 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃      ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠢ ᠰᠢᠭᠤᠢ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠷᠭᠦᠯᠵᠢᠯᠡᠨ ᠠᠬᠢᠭᠤᠯᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠣᠶ ᠰᠢᠭᠤᠢ ᠪᠠ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠲᠦᠯᠬᠢᠨ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠣᠷᠣᠨ ᠵᠠᠢ ᠶᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠦᠨᠳᠦᠰᠦᠨ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠪᠣᠯᠣᠨ ᠣᠶ ᠰᠢᠭᠤᠢ ᠪᠠ ᠡᠪᠡᠰᠦ ᠪᠡᠯᠴᠢᠭᠡᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ᠂ ᠦᠨᠳᠦᠰᠦᠨ ᠱᠠᠲᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠦᠭᠦ ᠵᠢᠯ ᠳᠤ ᠮᠣᠳᠣ ᠳᠠᠷᠢᠬᠤ ᠳᠠᠯᠠᠪᠠᠢ ᠶᠢ 300 ᠲᠦᠮᠡᠨ ᠮᠦ ᠠᠴᠠ ᠳᠠᠪᠠᠭᠤᠯᠵᠤ᠂ ᠡᠪᠡᠰᠦ ᠳᠠᠷᠢᠬᠤ ᠳᠠᠯᠠᠪᠠᠢ ᠶᠢ 1300 ᠲᠦᠮᠡᠨ ᠮᠦ ᠠᠴᠠ ᠳᠠᠪᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠠᠯᠠᠪᠠᠢ ᠶᠢ  1500 ᠲᠦᠮᠡᠨ ᠮᠦ ᠠᠴᠠ ᠳᠠᠪᠠᠭᠤᠯᠵᠤ᠂ ᠠᠯᠪᠠᠨ ᠵᠢᠷᠤᠮ ᠤᠨ ᠮᠣᠳᠣ ᠲᠠᠷᠢᠬᠤ ᠡᠭᠦᠷᠭᠡ ᠶᠢ 3000 ᠲᠦᠮᠡᠨ  ᠮᠦ ᠠᠴᠠ ᠳᠠᠪᠠᠭᠤᠯᠬᠤ ᠬᠡᠷᠡᠭᠲᠡᠢ᠃ ᠭᠤᠷᠪᠠᠨ ᠶᠡᠭᠡ ᠳᠠᠶᠢᠯᠠᠯᠳᠤᠭᠠᠨ ᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠬᠢᠵᠦ᠂ ᠬᠠᠲᠤᠨ ᠭᠤᠣᠯ ᠤᠨ ︽ᠶᠡᠭᠡ ᠲᠣᠬᠤᠢ︾ ᠶᠢᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠢ 758 ᠲᠦᠮᠡᠨ ᠮᠦ᠂ ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠢ 549 ᠲᠦᠮᠡᠨ ᠮᠦ᠂ ᠾᠧᠰᠢ ᠶᠢᠨ ᠬᠤᠩᠭᠢᠯ - ᠲᠠᠺᠯᠢᠮᠠᠺᠠᠨ ᠡᠯᠡᠰᠦᠨ ᠴᠦᠯ ᠤᠨ ᠭᠦᠪᠡᠭᠡ ᠳᠠᠭᠠᠤ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ 131 ᠲᠦᠮᠡᠨ ᠮᠦ ᠬᠢᠵᠦ ᠳᠠᠭᠤᠰᠬᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃      ᠣᠶ ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠲᠤ ᠪᠠᠰᠠ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠵᠤ᠂︽ᠣᠭᠲᠠᠷᠭᠤᠢ ᠠᠴᠠ ᠠᠵᠢᠭᠯᠠᠬᠤ᠂ ᠭᠠᠵᠠᠷ ᠳᠡᠭᠡᠷ᠎ᠡ ᠠᠴᠠ ᠪᠠᠶᠢᠴᠠᠭᠠᠬᠤ︾ ᠶᠢ ᠪᠦᠷᠢᠨ ᠪᠦᠷᠬᠦᠭᠦᠯᠬᠦ ᠭᠡᠯᠪᠡᠷᠢ ᠶᠢᠨ ᠣᠶ ᠰᠢᠭᠤᠢ ᠶᠢ ᠰᠢᠪᠠᠳᠠᠨ ᠪᠠᠶᠢᠴᠠᠭᠠᠬᠤ ᠪᠠ ᠨᠤᠲᠤᠭ ᠪᠡᠯᠴᠢᠭᠡᠷ ᠤᠨ ᠬᠤᠪᠢᠷᠠᠯᠲᠠ ᠶᠢᠨ ᠵᠢᠷᠤᠭ ᠳᠦᠷᠰᠦ ᠶᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠪᠠᠶᠢᠩᠭᠤ ᠥᠷᠨᠢᠭᠦᠯᠬᠦ ᠬᠡᠷᠡᠭᠲᠡᠢ᠃ ᠪᠠᠶᠢᠭᠠᠯᠢ ᠶᠢᠨ ᠣᠶ ᠶᠢ ᠬᠠᠮᠠᠭᠠᠯᠠᠬᠤ ᠬᠢᠭᠡᠳ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠢᠶᠠᠷᠬᠤ ᠶᠢ ᠨᠢᠭᠡᠳᠬᠡᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ 10% ᠠᠴᠠ ᠳᠣᠷᠣᠭᠰᠢ ᠪᠤᠯᠲᠠᠯ᠎ᠠ ᠪᠠᠭᠤᠷᠠᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠯᠠᠱᠠ ᠠᠭᠤᠯᠠ᠂ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠰᠠᠶᠢᠲᠤᠷ ᠪᠠᠶᠢᠭᠤᠯᠤᠨ᠎ᠠ᠃ ᠤᠢ ᠰᠢᠭᠤᠢ ᠪᠠ ᠨᠤᠲᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠠᠯ ᠰᠡᠷᠭᠡᠶᠢᠯᠡᠬᠦ ᠲᠤᠤᠷᠴᠢᠯᠠᠬᠰᠠᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ︽ᠤᠮᠠᠷᠠᠲᠤ ᠶᠢᠨ ᠭᠤᠷᠪᠠᠨ ᠣᠷᠣᠨ︾ ᠤ ᠵᠣᠷᠢᠭ ᠰᠠᠨᠠᠭ᠎ᠠ  ᠶᠢ ᠶᠡᠬᠡᠪᠡᠷ ᠪᠠᠳᠠᠷᠠᠭᠤᠯᠵᠤ᠂ ᠡᠯ᠎ᠡ ᠭᠠᠵᠠᠷ ᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠪᠠ ᠨᠡᠶᠢᠲᠡᠯᠢᠭ ᠠᠷᠭ᠎ᠠ ᠶᠢ ᠲᠥᠪᠯᠡᠷᠡᠭᠦᠯᠦᠨ ᠤᠬᠠᠭᠤᠯᠤᠨ ᠮᠡᠳᠡᠭᠡᠯᠡᠨ᠎ᠡ᠃︽ᠣᠶ ᠰᠢᠭᠤᠢ ᠶᠢᠨ ᠳᠠᠷᠤᠭ᠎ᠠ + ᠭᠤᠣᠯᠳᠠᠯᠭ᠎ᠠ ᠲᠠᠢ ᠠᠵᠢᠯ︾ ᠢ ᠭᠦᠨᠵᠡᠭᠡᠶᠢᠷᠡᠭᠦᠯᠵᠦ᠂ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠪᠠᠭᠤᠯᠭᠠᠬᠤ᠂ ᠰᠢᠮᠳᠠᠭᠤᠯᠤᠨ ᠭᠦᠢᠴᠡᠳᠬᠡᠬᠦ᠂ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ ᠲᠣᠭᠲᠠᠴᠠ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号