ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 126 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
     2 ᠰᠠᠷ᠎ᠠ ᠶᠢᠨ 18 ᠤ ᠡᠳᠦᠷ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 126 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ ᠲᠠᠢ︾ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠰᠢᠶᠠᠨ ᠢᠶᠠᠷ ᠢᠶᠠᠨ ᠲᠠᠨᠢᠯᠲᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ︽ᠰᠠᠶᠢᠨ ᠡᠬᠢᠯᠡᠯᠲᠡ ᠲᠠᠢ︾ ᠪᠣᠯᠬᠤ ᠶᠢ ᠠᠬᠢᠭᠤᠯᠬᠤ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠡᠩ ᠪᠣᠳᠠᠲᠠᠢ᠂ ᠠᠵᠢᠯ ᠢ ᠨᠡᠩ ᠨᠠᠷᠢᠯᠢᠭ ᠬᠢᠵᠦ᠂ ᠪᠦᠬᠦ ᠬᠦᠴᠦᠨ ᠢᠶᠠᠷ ᠢᠶᠠᠨ ᠡᠯ᠎ᠡ ᠵᠦᠢᠯ ᠤᠨ ᠡᠭᠦᠷᠭᠡ ᠶᠢ ᠤᠷᠤᠭᠰᠢ ᠠᠬᠢᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠤᠷᠤᠭᠰᠢ ᠳᠠᠪᠰᠢᠭᠤᠯᠵᠤ᠂ ︽ᠨᠢᠭᠡᠳᠦᠭᠡᠷ ᠪᠤᠤᠬᠢᠶ᠎ᠠ︾ ᠶᠢ ᠴᠢᠷᠮᠠᠶᠢᠨ ᠭᠦᠢᠴᠡᠳᠬᠡᠵᠦ᠂ ︽ᠰᠠᠶᠢᠨ ᠡᠬᠢᠯᠡᠯᠲᠡ  ᠲᠠᠢ︾ ᠪᠣᠯᠬᠤ ᠶᠢ ᠲᠡᠮᠡᠴᠡᠨ ᠣᠯᠬᠤ ᠶᠢᠨ ᠬᠠᠮᠲᠤ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠪᠦᠷᠢᠳᠬᠡᠯ ᠳᠤ ᠣᠷᠣᠭᠤᠯᠬᠤ ᠠᠵᠢᠯ ᠢ ᠰᠠᠶᠢᠲᠤᠷ ᠬᠢᠵᠦ᠂ ᠪᠦᠷᠢᠳᠬᠡᠬᠦ ᠶᠣᠰᠣᠲᠠᠢ ᠶᠢ ᠪᠦᠬᠦᠨ ᠢ ᠪᠦᠷᠢᠳᠬᠡᠵᠦ᠂ ᠰᠢᠨᠵᠢᠯᠡᠬᠦ ᠤᠬᠠᠭᠠᠨᠴᠢ ᠪᠠᠷ ᠪᠦᠷᠢᠳᠬᠡᠯ ᠳᠤ ᠣᠷᠣᠭᠤᠯᠬᠤ ᠬᠡᠷᠡᠭᠲᠡᠢ᠃      ᠬᠤᠷᠠᠯ ᠠᠴᠠ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠪᠦᠬᠦ ᠬᠤᠳᠠ ᠶᠢᠨ ᠲᠣᠭᠤᠷᠢᠨ ᠦᠵᠡᠬᠦ ᠬᠤᠷᠠᠯ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠦᠬᠦ ᠰᠢᠶᠠᠨ ᠢᠶᠠᠷ ᠢᠶᠠᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠢᠮᠠᠭᠲᠠ ᠭᠤᠣᠯ ᠪᠠᠶᠢᠷᠢᠨ ᠳᠤ ᠲᠠᠯᠪᠢᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠲᠤᠪᠤᠶᠢᠯᠭᠠᠵᠤ᠂ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠠᠯᠤᠰ ᠬᠡᠳᠦ ᠳᠤ ᠰᠠᠭᠤᠷᠢᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠨ ᠬᠥᠭᠵᠢᠯᠲᠡ ᠶᠢ ᠠᠬᠢᠭᠤᠯᠵᠤ ᠬᠥᠭᠵᠢᠯᠲᠡ ᠶᠢ ᠠᠳᠬᠤᠬᠤ ᠬᠡᠷᠡᠭᠲᠡᠢ᠃ ︽ᠲᠥᠷᠥᠯ ᠵᠦᠢᠯ ᠢᠶᠠᠷ ᠭᠤᠣᠯ ᠪᠣᠯᠭᠠᠬᠤ︾ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠮᠠᠨ ᠤ ᠰᠢᠶᠠᠨ ᠤ ᠳᠠᠪᠠᠭᠤᠯᠢᠭ ᠡᠬᠢ ᠪᠠᠶᠠᠯᠢᠭ ᠲᠠᠢ ᠨᠢᠭᠲᠠ ᠤᠶᠠᠯᠳᠤᠭᠤᠯᠤᠨ᠂ ᠮᠠᠨ ᠤ ᠰᠢᠶᠠᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠨ᠂ ᠨᠢᠭᠡ ᠪᠦᠯᠦᠭ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠯᠥᠪᠯᠡᠬᠦ ᠶᠢᠨ ᠬᠠᠮᠲᠤ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠲᠦᠷᠦᠯ ᠵᠦᠢᠯ ᠢ ᠮᠥᠷᠳᠡᠨ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠢᠳᠴᠢᠯᠠᠨ ᠦᠢᠯᠡᠴᠢᠯᠡᠬᠦ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠲᠦᠷᠦᠯ ᠵᠦᠢᠯ ᠤᠨ ᠡᠷᠲᠡ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠪᠡ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号