ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ  ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2024/2/21
                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                   ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ              ᠥᠪᠥᠷ ᠵᠠᠰᠠᠭ ᠠᠯᠪᠠᠨ ᠲᠠᠷᠬᠠᠭᠠᠭᠰᠠᠨ ﹇2023﹈ 22 ᠳ᠋ᠤᠭᠠᠷ ᠲᠣᠭᠠᠲᠤ      ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ︾᠎ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                           2023 ᠣᠨ ᠤ 2 ᠳ᠋ᠤᠭᠠᠷ ᠰᠠᠷ᠎ᠠ ᠶᠢᠨ 26 ᠤ ᠡᠳᠦᠷ                                              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ      ︽ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 15 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠠᠶᠢᠲᠤᠷ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃       ᠨᠢᠭᠡ᠂ ᠭᠤᠣᠯ ᠬᠠᠷᠠᠯᠲᠠ      2023 ᠣᠨ ᠪᠣᠯᠬᠤ ᠳᠤ᠂ ᠪᠥᠬᠦ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢᠨ ᠪᠠᠶᠢᠳᠠᠯ ᠢ ᠦᠨᠳᠦᠰᠦᠨ ᠳᠤ ᠪᠠᠨ ᠣᠶᠢᠯᠠᠭᠠᠨ ᠲᠣᠳᠣᠯᠠᠵᠤ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠲᠣᠳᠣᠷᠬᠠᠢ ᠲᠣᠭᠲᠠᠭᠠᠨ᠎ᠠ᠃ 2025 ᠣᠨ ᠪᠣᠯᠬᠤ ᠳᠤ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠢ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠬᠤᠶᠠᠷ᠂ ᠠᠵᠢᠯᠯᠠᠬᠤ ᠠᠷᠭ᠎ᠠ ᠠᠪᠴᠠᠯ      ︵ᠨᠢᠭᠡ︶ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ  ᠶᠢ ᠥᠷᠨᠢᠭᠦᠯᠦᠨ᠎ᠡ᠃      1.ᠤᠯᠤᠰ ᠤᠨ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ ᠲᠥᠷᠥᠯ ᠳᠠᠬᠢ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠭᠢ ᠶᠢᠨ ᠪᠠᠶᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ᠃ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠭᠳᠠᠭᠰᠠᠨ ᠬᠢᠮᠢ ᠶᠢᠨ ᠪᠣᠳᠠᠰ ᠲᠤ ᠬᠤᠯᠪᠣᠭᠳᠠᠯ ᠪᠦᠬᠦᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠲᠤᠭ᠎ᠠ ᠬᠡᠮᠵᠢᠶ᠎ᠡ ᠵᠢᠴᠢ ᠠᠷᠭ᠎ᠠ ᠵᠠᠮ᠂ ᠬᠤᠣᠷ ᠬᠥᠨᠥᠭᠡᠯ ᠤᠨ ᠣᠨᠴᠠᠭᠠᠢ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠤᠨ ᠲᠠᠷᠬᠠᠯᠲᠠ ᠶᠢᠨ ᠪᠠᠶᠢᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ ᠤ ᠡᠴᠦᠰ ᠠᠴᠠ ᠡᠮᠦᠨ᠎ᠡ᠂ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠲᠡᠷᠢᠭᠦᠨ ᠡᠭᠡᠯᠵᠢ ᠶᠢᠨ ᠪᠠᠶᠢᠴᠠᠭᠠᠯᠲᠠ ᠶᠢ ᠪᠡᠶᠡᠯᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ᠨᠢᠭᠡᠳᠦᠭᠡᠷ ᠪᠦᠯᠦᠭ ᠬᠢᠮᠢ ᠶᠢᠨ ᠪᠣᠳᠠᠰ ᠤᠨ‌ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ︾᠎ ᠳᠤ ᠵᠢᠭᠰᠠᠭᠠᠭᠳᠠᠭᠰᠠᠨ 20 ᠵᠦᠢᠯ ᠤᠨ ᠬᠢᠮᠢ ᠶᠢᠨ ᠪᠣᠳᠠᠰ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠭᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢ ᠪᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠨ ᠵᠢᠭᠰᠠᠭᠠᠬᠤ ᠦᠭᠡᠢ︶      2. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠣᠳᠣ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠭᠦᠢᠴᠡᠳ ᠠᠰᠢᠭᠯᠠᠵᠤ᠂ ᠬᠠᠳᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠶᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠪᠤᠵᠠᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠬᠤ᠂ ᠠᠶᠤᠯ ᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠭᠯᠠᠬᠤ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶      3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ᠂ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ᠂ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ᠬᠡᠷᠡᠭᠯᠡᠭᠡ︶ ᠬᠡᠮᠵᠢᠶ᠎ᠡ ᠶᠡᠬᠡᠲᠡᠢ᠂ ᠣᠷᠴᠢᠨ ᠲᠣᠭᠤᠷᠢᠨ ᠤ ᠪᠠᠶᠢᠴᠠᠭᠠᠨ ᠭᠠᠷᠭᠠᠬᠤ ᠲᠣᠬᠢᠶᠠᠯᠳᠤᠮᠵᠢ ᠥᠨᠳᠥᠷ᠂ ᠲᠠᠷᠠᠬᠠᠢ ᠮᠠᠶ᠋ᠢᠭ ᠤᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ᠂ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠲᠤᠷᠰᠢᠯᠲᠠ ᠪᠠ ᠲᠦᠭᠰᠢᠭᠦᠷᠢ ᠶᠢᠨ ᠰᠢᠭᠰᠢᠨ ᠪᠠᠶᠢᠴᠠᠭᠠᠯᠲᠠ ᠶᠢ ᠥᠷᠨᠢᠭᠦᠯᠵᠦ᠂ ᠪᠥᠬᠦ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠤᠬᠢᠷᠠᠭᠤᠯᠬᠤ᠂ ᠣᠷᠴᠢᠨ ᠲᠣᠭᠤᠷᠢᠨ ᠤ ᠲᠦᠭᠰᠢᠭᠦᠷᠢ ᠪᠠᠷ ᠨᠡᠯᠢᠶᠡᠳ ᠶᠡᠭᠡ ᠬᠤᠣᠷ ᠬᠥᠨᠥᠭᠡᠯᠳᠦ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      4. ᠰᠢᠨ᠎ᠡ ᠪᠣᠬᠢᠷᠲᠤᠯ ᠪᠣᠳᠠᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠦᠷᠢ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ ᠤᠷᠢᠳ ᠢᠶᠠᠷ ᠡᠵᠡᠮᠳᠡᠵᠦ ᠪᠦᠬᠦᠢ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠥᠦ ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠲᠤᠯ ᠪᠣᠳᠠᠰ ᠲᠠᠬᠢ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ︽ᠨᠢᠭᠡ ᠪᠣᠳᠠᠰ ᠲᠤ ᠨᠢᠭᠡ ᠠᠷᠭ᠎ᠠ ᠪᠣᠳᠣᠯᠭ᠎ᠠ︾᠎ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠨᠡᠶᠢᠲᠡᠯᠡᠭᠰᠡᠨ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤᠨ ᠳᠤ ᠵᠢᠭᠰᠠᠭᠠᠭᠳᠠᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠬᠤ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠭᠢ ᠶᠢᠨ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ᠂ ᠪᠥᠬᠦ ᠣᠷᠣᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠥᠬᠦᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ ᠢ ᠬᠥᠳᠡᠯᠦᠩᠭᠦᠢ ᠪᠠᠷ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠡᠮᠵᠢᠯᠡᠨ ᠰᠡᠷᠭᠡᠶᠢᠯᠡᠨ᠎ᠡ᠃      1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ︽ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠬᠤ ᠠᠷᠭ᠎ᠠ︾᠎ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠢ ᠰᠤᠳᠤᠯᠬᠤ᠂ ᠦᠢᠯᠡᠳᠪᠦᠷᠢᠯᠡᠬᠦ᠂ ᠭᠠᠳᠠᠭᠠᠳᠤ ᠠᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠬᠡᠨ ᠳᠠᠩᠰᠠᠯᠠᠯᠲᠠ ᠶᠢ ᠥᠷᠨᠢᠭᠦᠯᠵᠦ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠎ᠠ᠃ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠤᠨ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠠᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ ᠲᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶      2. ᠰᠢᠭᠰᠢᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠤᠭᠤᠳᠬᠤ ᠭᠠᠷᠴᠠᠭ︾᠎ ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ᠂ ᠲᠠᠷᠢᠶᠠᠨ ᠡᠮ᠂ ᠮᠠᠯ ᠤᠨ ᠡᠮ᠂ ᠵᠠᠰᠠᠯ ᠴᠢᠮᠡᠭᠯᠡᠯ ᠤᠨ ᠡᠳ᠋ ᠵᠡᠷᠭᠡ ᠶᠢ ᠪᠣᠯ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠴᠠᠭ ᠲᠤᠬᠠᠢ ᠳᠤ ᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠦᠨ᠎ᠡ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠢ ᠪᠣᠯ᠂ ᠲᠡᠭᠦᠨ ᠤ ᠦᠢᠯᠡᠳᠬᠦᠨ ᠤ ᠪᠦᠷᠢᠳᠬᠡᠨ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠷᠭᠤᠭᠤᠯᠤᠨ ᠲᠠᠷᠬᠠᠭᠠᠬᠤ ᠪᠠᠨ ᠬᠠᠤᠯᠢ ᠶᠣᠰᠣᠭᠠᠷ ᠵᠣᠭᠰᠣᠭᠠᠨ᠎ᠠ᠃ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠᠨ ᠴᠢᠩᠳᠠᠯᠠᠨ᠎ᠠ᠃ ᠭᠠᠳᠠᠭᠠᠳᠤ ᠠᠴᠠ ᠣᠷᠣᠭᠤᠯᠬᠤ ︵ᠭᠠᠳᠠᠭᠠᠳᠤ ᠳᠤ ᠭᠠᠷᠭᠠᠬᠤ︶᠎ ᠶᠢ ᠴᠠᠭᠠᠵᠠᠯᠠᠬᠤ ᠡᠳ᠋ ᠪᠠᠷᠠᠭ᠎ᠠ ᠶᠢᠨ ᠭᠠᠷᠴᠠᠭ ᠪᠣᠯᠣᠨ ︽ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠶᠢᠭ᠎ᠠ ᠬᠤᠣᠷ ᠲᠠᠢ ᠬᠢᠮᠢ ᠶᠢᠨ ᠪᠣᠳᠠᠰ ᠤᠨ ᠨᠡᠷ᠎ᠡ ᠶᠢᠨ ᠵᠢᠭᠰᠠᠭᠠᠯᠲᠠ︾᠎ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ ᠢ ᠬᠠᠤᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ᠂ ᠰᠢᠨ᠎ᠡ ᠪᠠᠷ ᠵᠢᠭᠰᠠᠭᠠᠭᠳᠠᠭᠰᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠭᠠᠳᠤᠮ ᠤᠨ ᠵᠦᠢᠯ᠂ ᠰᠣᠷᠣᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠬᠦᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷ ᠲᠠᠢ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠦᠢᠯᠡᠳᠬᠦᠨ ᠤ ᠬᠡᠷᠡᠭᠯᠡᠭᠡᠨ ᠤ ᠶᠠᠪᠤᠴᠠ ᠳᠤ ᠪᠣᠢ ᠪᠣᠯᠭᠠᠭᠰᠠᠨ ᠰᠢᠨ᠎ᠡ ᠪᠣᠬᠢᠷᠲᠤᠯ ᠪᠣᠳᠠᠰ ᠢ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠪᠠᠨ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠶᠠᠪᠤᠴᠠ ᠶᠢᠨ ᠡᠵᠡᠮᠰᠢᠯ ᠢ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃      1. ᠴᠡᠪᠡᠷ ᠦᠢᠯᠡᠳᠪᠦᠷᠢᠯᠡᠯ ᠢ ᠴᠢᠩᠭᠠᠳᠬᠠᠵᠤ᠂ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠵᠦ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠳᠤ ᠴᠡᠪᠡᠷ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠬᠢᠨᠠᠨ ᠬᠠᠷᠭᠤᠭᠤᠯᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ ᠢ ᠬᠥᠨᠥᠭᠡᠯ ᠦᠭᠡᠢ ᠪᠠᠷ ᠣᠷᠣᠯᠠᠭᠤᠯᠬᠤ᠂ ᠦᠢᠯᠡᠳᠪᠦᠷᠢᠯᠡᠬᠦ ᠤᠷ᠎ᠠ ᠮᠡᠷᠭᠡᠰᠢᠯ ᠢ ᠬᠥᠨᠥᠭᠡᠯ ᠦᠭᠡᠢ ᠪᠣᠯᠭᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠦᠨ᠂ ᠴᠡᠪᠡᠷ ᠦᠢᠯᠡᠳᠪᠦᠷᠢᠯᠡᠯ ᠤᠨ ᠥᠭᠡᠷᠡᠴᠢᠯᠡᠨ ᠰᠢᠨᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠠᠬᠤᠶᠢᠯᠠᠯ ᠨᠢ ᠬᠤᠣᠷ ᠬᠥᠨᠥᠭᠡᠯ ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠶᠢᠭ᠎ᠠ ᠪᠠᠶᠢᠳᠠᠯ ᠵᠢᠴᠢ ᠭᠠᠳᠠᠭᠰᠢᠯᠠᠭᠤᠯᠵᠤ ᠪᠠᠶᠢᠭ᠎ᠠ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠨᠡᠷᠡᠶᠢᠳᠦᠯ᠂ ᠥᠳᠬᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠣᠯᠠᠨ ᠨᠡᠶᠢᠲᠡ ᠶᠢᠨ ᠣᠶᠢᠯᠠᠭᠠᠵᠤ ᠮᠡᠳᠡᠬᠦ ᠳᠤ ᠬᠢᠯᠪᠠᠷᠬᠠᠨ ᠠᠷᠭ᠎ᠠ ᠬᠡᠯᠪᠡᠷᠢ ᠪᠠᠷ ᠨᠡᠶᠢᠲᠡᠯᠡᠬᠦ ᠬᠡᠷᠡᠭᠲᠡᠢ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ ᠤᠨ ᠱᠠᠭᠠᠷᠳᠠᠯᠭ᠎ᠠ ᠶᠢ ᠪᠣᠬᠢᠷᠲᠤᠯ ᠦᠭᠡᠢ ᠦᠢᠯᠡᠳᠬᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠵᠤ ᠦᠢᠯᠡᠳᠪᠦᠷᠢ ᠪᠣᠯᠣᠨ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ ᠵᠡᠷᠭᠡ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠳᠤ ᠣᠷᠣᠭᠤᠯᠬᠤ ᠵᠡᠷᠭᠡ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠣᠷ ᠢᠶᠠᠷ ᠢᠶᠠᠨ ᠵᠣᠷ ᠤᠨ ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ ᠃ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠵᠦ᠂ ᠮᠢᠬ᠎ᠠ ᠥᠨᠳᠡᠭᠡ ᠰᠦᠨ ᠭᠠᠷᠤᠯᠲᠠ ᠲᠠᠢ ᠭᠤᠣᠯ ᠪᠣᠯᠬᠤ ᠮᠠᠯ ᠵᠢᠭᠦᠷᠲᠡᠨ ᠤ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠮᠠᠯ ᠤᠨ ᠡᠮ ᠢ ᠬᠡᠷᠡᠭᠯᠡᠭᠰᠡᠨ ᠲᠡᠮᠳᠡᠭᠯᠡᠯ᠂ ᠮᠠᠯ ᠳᠤ ᠬᠡᠷᠡᠭᠯᠡᠬᠦ ᠵᠣᠷ ᠤᠨ ᠡᠮ ᠪᠣᠯᠣᠨ ᠮᠠᠯ ᠤᠨ ᠡᠮ ᠤᠨ ᠡᠮ ᠵᠣᠭᠰᠣᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠮᠢᠳᠠᠨ ᠤ ᠠᠰᠢᠭ ᠰᠢᠮ᠎ᠡ ᠶᠢᠨ ᠨᠢᠭᠡᠴᠢ ᠭᠠᠷᠤᠯᠲᠠ ᠳᠤ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠶᠢ ᠳᠣᠷᠣᠭᠰᠢᠯᠠᠬᠤ ᠬᠠᠨᠳᠤᠰᠢ ᠲᠠᠢ ᠪᠠᠶᠢᠯᠭᠠᠬᠤ ᠶᠢ ᠪᠠᠷᠢᠮᠲᠠᠯᠠᠵᠤ᠂ ᠮᠠᠯ ᠵᠢᠭᠦᠷᠲᠡᠨ ᠤ ᠠᠰᠢᠭ ᠰᠢᠮ᠎ᠡ ᠳᠠᠬᠢ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠭᠤᠷᠠᠭᠤᠯᠤᠨ᠎ᠠ᠃ 2025 ᠣᠨ ᠪᠣᠯᠬᠤ ᠳᠤ᠂ 50%᠎ ᠠᠴᠠ ᠳᠡᠭᠡᠭᠰᠢᠬᠢ ᠲᠣᠭᠠᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠲᠡᠵᠢᠭᠡᠨ ᠦᠷᠡᠵᠢᠭᠦᠯᠬᠦ ᠶᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠮ ᠬᠡᠷᠡᠭᠯᠡᠬᠦ ᠶᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢᠯᠡᠳᠦᠨ ᠬᠥᠭᠵᠢᠭᠦᠯᠬᠦ ᠶᠢ ᠵᠣᠷᠢᠭᠵᠢᠭᠤᠯᠵᠤ᠂ ᠥᠨᠳᠥᠷ ᠪᠦᠲᠦᠮᠵᠢᠲᠦ ᠤᠷᠭᠤᠮᠠᠯ ᠤᠨ ᠬᠠᠮᠠᠭᠠᠯᠠᠯ ᠤᠨ ᠮᠧᠬᠠᠨᠢᠭ ᠢ ᠳᠡᠯᠭᠡᠷᠡᠭᠦᠯᠦᠨ᠂ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠶᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠬᠦ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ ᠰᠤᠯᠠᠷᠠᠭᠤᠯᠤᠨ᠎ᠠ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠠᠮᠢ ᠠᠬᠤᠢ ᠢᠶᠠᠷ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠶᠢᠨ ᠪᠠᠺᠲ᠋ᠧᠷᠢ ᠳᠠᠷᠤᠬᠤ ᠶᠢ ᠥᠳᠥᠭᠡᠬᠦ᠂ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ᠂ ᠹᠢᠽᠢᠺ ᠬᠢᠮᠢ ᠪᠠᠷ ᠥᠳᠥᠭᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠮᠬᠢᠳᠬᠡᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠬᠦ ᠭᠤᠭᠴᠤᠭ᠎ᠠ ᠳᠤ ᠡᠭᠡᠭᠦᠯᠦᠨ ᠬᠤᠷᠢᠶᠠᠬᠤ ᠳᠤ ᠳᠥᠭᠦᠮ ᠪᠦᠬᠦᠢ ᠪᠠᠭᠲᠠᠭᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠶᠢ ᠵᠣᠷᠢᠭᠵᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠭᠴᠢ᠂ ᠡᠵᠡᠩᠨᠡᠭᠴᠢ ᠶᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠪᠠᠨ ᠪᠡᠶᠡᠯᠡᠭᠦᠯᠬᠦ ᠲᠠᠯ᠎ᠠ ᠪᠠᠷ ᠰᠢᠮᠳᠠᠭᠤᠯᠤᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ 2025 ᠣᠨ ᠪᠣᠯᠬᠤ ᠳᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80%᠎ ᠠᠴᠠ ᠳᠡᠭᠡᠭᠰᠢ ᠳᠤ ᠬᠦᠷᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠦᠵᠦᠭᠦᠷ ᠤᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠠᠭᠤᠷᠠᠭᠤᠯᠤᠨ᠎ᠠ᠃      1. ᠰᠢᠨ᠎ᠡ ᠪᠣᠬᠢᠷᠲᠤᠯ ᠪᠣᠳᠠᠰ ᠢ ᠣᠯᠠᠨ ᠣᠷᠴᠢᠨ ᠲᠣᠭᠤᠷᠢᠨ ᠤ ᠵᠠᠭᠤᠴᠢ ᠪᠠᠷ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃ ︽ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ︾᠎ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠬᠤ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠯ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠳᠤ ᠣᠷᠣᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ᠂ ᠬᠡᠷᠡᠭᠵᠢᠭᠦᠯᠵᠦ ᠪᠠᠶᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠢ ᠲᠡᠮᠳᠡᠭᠯᠡᠵᠦ᠂ ᠭᠠᠳᠠᠭᠰᠢᠯᠠᠭᠤᠯᠬᠤ ︵ᠪᠣᠬᠢᠷᠲᠤᠯ ᠪᠣᠳᠠᠰ ᠭᠠᠳᠠᠭᠰᠢᠯᠠᠭᠤᠯᠬᠤ︶ ᠠᠮᠠᠰᠠᠷ ᠵᠢᠴᠢ ᠡᠷᠭᠢᠨ ᠲᠣᠭᠤᠷᠢᠨ ᠤ ᠣᠷᠴᠢᠨ ᠠᠬᠤᠢ ᠳᠤ ᠣᠷᠴᠢᠨ ᠲᠣᠭᠤᠷᠢᠨ ᠤ ᠬᠢᠨᠠᠨ ᠰᠢᠨᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠨᠢ ᠬᠤᠣᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠳᠦᠷᠢᠮ ᠢ ᠪᠠᠶᠢᠭᠤᠯᠤᠨ᠂ ᠬᠤᠣᠷ ᠬᠥᠨᠥᠭᠡᠯ ᠲᠠᠢ ᠪᠣᠳᠠᠰ ᠤᠨ ᠨᠡᠪᠴᠢᠬᠦ᠂ ᠤᠷᠤᠰᠬᠤ᠂ ᠰᠠᠷᠨᠢᠬᠤ ᠠᠴᠠ ᠰᠡᠷᠭᠡᠶᠢᠯᠡᠬᠦ ᠬᠡᠷᠡᠭᠲᠡᠢ᠃ ᠬᠤᠣᠷ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢ ᠦᠨᠡᠨ ᠬᠦ ᠴᠢᠩᠭᠠᠳᠬᠠᠵᠤ᠂ ᠬᠠᠮᠢᠶ᠎ᠠ ᠪᠦᠬᠦᠢ ᠪᠣᠬᠢᠷᠲᠤᠯ ᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ︶      2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠢ ᠠᠭᠤᠯᠬᠤ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠳᠣ ᠪᠠᠶᠢᠭ᠎ᠠ ᠱᠦᠢᠨᠢ ᠶᠢᠨ ᠤᠭᠤᠷᠭᠠᠢ ᠵᠡᠷᠭᠡ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠬᠡᠬᠤᠲᠠ ᠪᠠᠶᠠᠨᠨᠠᠭᠤᠷ ᠬᠤᠲᠠ ᠶᠢᠨ ᠨᠢᠶᠠᠨ ᠳᠠᠷᠤᠭᠴᠢ ᠪᠠᠺᠲ᠋ᠧᠷᠢ ᠶᠢᠨ ᠰᠢᠭᠠᠷᠤ ᠶᠢ ᠬᠤᠣᠷ ᠦᠭᠡᠶᠢᠳᠡᠭᠦᠯᠦᠨ ᠶᠡᠷᠦᠩᠬᠡᠶᠢᠯᠡᠨ ᠠᠰᠢᠭᠯᠠᠬᠤ ᠢᠨᠵᠧᠨᠧᠷᠢᠩ ᠢ ᠶᠡᠭᠡ ᠪᠠᠷ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      3.ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠳ᠋ᠦᠩ ᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢ ᠰᠣᠩᠭᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠦᠨ᠎ᠡ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢᠨ ᠳᠤᠮᠳᠠᠬᠢ ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠨᠥᠬᠦᠴᠡᠯ ᠲᠠᠢ ᠠᠵᠤ ᠠᠬᠤᠶᠢᠯᠠᠯ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠭᠵᠢᠭᠤᠯᠵᠤ᠂ ᠰᠢᠨ᠎ᠡ ᠪᠣᠬᠢᠷᠲᠤᠯ ᠪᠣᠳᠠᠰ ᠡᠭᠦᠰᠬᠡᠬᠦ ᠪᠠ ᠭᠠᠳᠠᠭᠰᠢᠯᠠᠭᠤᠯᠬᠤ ᠶᠢ ᠪᠠᠭᠠᠰᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠨ ᠪᠠᠬᠢᠵᠢᠭᠦᠯᠦᠨ᠎ᠡ᠃      1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠤᠣᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠬᠡᠮᠵᠢᠵᠦ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠭᠠᠳᠠᠭᠰᠢᠯᠠᠭᠤᠯᠤᠯᠲᠠ ᠶᠢᠨ ᠤᠭ ᠦᠨᠳᠦᠰᠦ ᠶᠢ ᠨᠢ ᠡᠷᠢᠬᠦ᠂ ᠪᠦᠲᠦᠮᠵᠢᠲᠡᠢ ᠠᠷᠢᠯᠭᠠᠬᠤ ᠵᠡᠷᠭᠡ ᠮᠡᠷᠭᠡᠵᠢᠯ ᠢ ᠰᠤᠳᠤᠯᠤᠨ ᠨᠡᠭᠡᠭᠡᠬᠦ ᠬᠢᠭᠡᠳ ᠦᠨᠡᠯᠡᠬᠦ ᠳᠤ ᠳᠡᠮᠵᠢᠯᠭᠡ ᠦᠵᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠯᠡᠴᠡ ᠶᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠠᠭᠤᠷᠢ ᠶᠢ ᠪᠠᠲᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ᠂ ᠬᠠᠤᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠬᠢᠷᠢ ᠭᠡᠮ ᠪᠣᠯᠣᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠨᠡᠶᠢᠭᠡᠮᠴᠢᠯᠡᠭᠰᠡᠨ ᠬᠢᠨᠠᠨ ᠬᠡᠮᠵᠢᠯᠲᠡ ᠶᠢ ᠵᠣᠷᠢᠭᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠲᠤᠰᠬᠠᠢ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠬᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠷᠭᠡᠵᠢᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠳᠠᠲᠠᠢ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠲᠦᠷᠦᠭᠦᠯᠡᠨ ᠬᠠᠷᠢᠭᠤᠴᠠᠵᠤ ᠶᠡᠷᠦᠩᠬᠡᠶᠢᠯᠡᠨ ᠠᠳᠬᠤᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠵᠥᠪᠳᠡᠯᠴᠡᠨ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠪᠠᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ᠂ ᠬᠠᠷᠠᠯᠲᠠ ᠡᠭᠦᠷᠭᠡ ᠶᠢ ᠨᠠᠷᠢᠯᠢᠭᠵᠢᠭᠤᠯᠤᠨ ᠵᠠᠳᠠᠯᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠯᠪᠤᠭᠠᠯᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠵᠦ᠂ 2025 ᠣᠨ ᠳᠤ ᠲᠣᠰ ᠲᠥᠰᠥᠯ ᠢ ᠬᠡᠷᠡᠭᠵᠢᠭᠦᠯᠦᠭᠰᠡᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠳᠤᠮᠳᠠ ᠣᠷᠣᠰᠢᠵᠤ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠤᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠤᠯᠢ ᠬᠡᠷᠡᠭᠵᠢᠭᠦᠯᠬᠦ ᠬᠢᠨᠠᠨ ᠬᠡᠮᠵᠢᠯᠲᠡ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠭᠰᠠᠨ ᠦᠭᠡᠢ ᠠᠵᠤ ᠠᠬᠤᠶᠢᠯᠠᠯ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠬᠦᠨ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠪᠡᠯᠡ ᠮᠥᠩᠭᠦᠨ ᠤ ᠣᠷᠤᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ  ᠨᠢ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠵᠤ ᠬᠢᠨᠠᠨ ᠬᠡᠮᠵᠢᠬᠦ᠂ ᠰᠢᠭᠰᠢᠨ ᠪᠠᠶᠢᠴᠠᠭᠠᠵᠤ ᠦᠨᠡᠯᠡᠨ ᠵᠢᠱᠢᠬᠦ᠂ ᠲᠤᠷᠰᠢᠯᠲᠠ ᠶᠢᠨ ᠴᠡᠭ ᠪᠠᠶᠢᠭᠤᠯᠵᠤ ᠵᠢᠱᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠤᠭᠤᠯᠤᠯᠲᠠ ᠪᠠᠷ ᠬᠥᠲᠥᠯᠥᠮᠵᠢ ᠪᠣᠯᠭᠠᠭᠰᠠᠨ ᠣᠯᠠᠨ ᠡᠰᠢᠵᠢᠭᠰᠡᠨ ᠪᠡᠯᠡ ᠮᠥᠩᠭᠦᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠪᠡᠯᠡ ᠮᠥᠩᠭᠦᠨ ᠤ ᠣᠷᠤᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠣᠯᠠᠨ ᠨᠡᠶᠢᠭᠡᠮ᠂ ᠮᠥᠩᠭᠦᠨ ᠭᠦᠢᠯᠭᠡᠭᠡᠨ ᠤ ᠬᠥᠷᠥᠩᠭᠡ ᠶᠢ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠦᠷᠢᠶᠡᠨ ᠳᠤ ᠣᠷᠣᠭᠤᠯᠬᠤ ᠪᠠᠷ ᠵᠢᠯᠤᠭᠤᠳᠬᠤ ᠪᠠ ᠵᠣᠷᠢᠭᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠨᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠳᠥᠷᠪᠡ︶ ᠤᠬᠠᠭᠤᠯᠤᠨ ᠵᠢᠯᠤᠭᠤᠳᠬᠤ ᠶᠢ ᠴᠢᠩᠭᠠᠳᠬᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠮᠠᠭᠤᠳᠠᠭᠤᠯᠬᠤ ᠪᠠ ᠡᠷᠡᠭᠦᠯ ᠮᠡᠨᠳᠦ ᠶᠢ ᠬᠤᠬᠢᠷᠠᠭᠤᠯᠬᠤ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠨᠣᠯᠵᠢᠬᠤᠨ ᠢ ᠨᠢ ᠴᠢᠩᠭᠠᠷᠠᠭᠤᠯᠤᠨ᠎ᠠ᠃ ᠣᠯᠠᠨ ᠨᠡᠶᠢᠲᠡ ᠶᠢᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠵᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠶᠢᠲᠡ ᠶᠢᠨ ᠭᠡᠷ᠎ᠡ ᠭᠦᠢᠴᠡᠳᠬᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠡᠷ᠎ᠡ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶                                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                            ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                    2023 ᠣᠨ ᠤ 2 ᠳ᠋ᠤᠭᠠᠷ ᠰᠠᠷ᠎ᠠ ᠶᠢᠨ 27 ᠤ ᠡᠳᠦᠷ ᠳᠠᠷᠤᠮᠠᠯᠯᠠᠨ ᠲᠠᠷᠬᠠᠭᠠᠪᠠ  
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号