ᠮᠠᠨ ᠤ ᠣᠷᠣᠨ ᠤ ᠭᠠᠳᠠᠭᠠᠳᠤ ᠳᠤ ᠬᠤᠯᠪᠣᠭᠳᠠᠭᠰᠠᠨ ᠵᠣᠭᠤᠰ ᠢ ᠬᠤᠷᠢᠶᠠᠭᠰᠠᠨ ᠪᠠ ᠥᠭᠭᠦᠭᠰᠡᠨ ᠬᠡᠮᠵᠢᠶ᠎ᠡ 500 ᠳ᠋ᠦᠩᠰᠢᠭᠤᠷ ᠳ᠋ᠣᠯᠯᠠᠷ ᠢ ᠳᠠᠪᠠᠪᠠ
ᠨᠡᠶᠢᠲᠡᠯᠡᠭᠰᠡᠨ ᠴᠠᠭ᠄
2024/2/21
     ᠰᠤᠷᠪᠤᠯᠵᠢᠯᠠᠬᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠣᠶᠢᠯᠠᠭᠠᠭᠰᠠᠨ ᠢᠶᠠᠷ᠂ 2023 ᠣᠨ ᠳᠤ᠂ ᠪᠦᠭᠦ ᠣᠷᠣᠨ ᠤ ᠪᠠᠩᠬᠢ ᠶᠢᠨ ᠬᠡᠷᠡᠭᠯᠡᠭᠴᠢᠳ ᠢ ᠣᠷᠣᠯᠠᠨ ᠭᠠᠳᠠᠭᠠᠳᠤ ᠳᠤ ᠬᠤᠯᠪᠣᠭᠳᠠᠭᠰᠠᠨ ᠵᠣᠭᠤᠰ ᠢ ᠬᠤᠷᠢᠶᠠᠭᠰᠠᠨ ᠪᠠ ᠥᠭᠭᠦᠭᠰᠡᠨ ᠬᠡᠮᠵᠢᠶ᠎ᠡ 537.5 ᠳ᠋ᠦᠩᠰᠢᠭᠤᠷ ᠳ᠋ᠣᠯᠯᠠᠷ ᠲᠤ ᠬᠦᠷᠴᠦ᠂ 2022 ᠣᠨ ᠤ  ᠬᠢ ᠠᠴᠠ 43.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠭᠤᠷᠪᠠᠳᠤᠭᠠᠷ ᠲᠤ ᠵᠢᠭᠰᠠᠪᠠ᠃      2023 ᠣᠨ ᠳᠤ᠂ ᠪᠦᠭᠦ ᠣᠷᠣᠨ ᠤ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠶᠢᠨ ᠬᠢᠨ ᠪᠠᠩᠬᠢ ᠶᠢ ᠵᠢᠯᠣᠭᠤᠳᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ 6025 ᠬᠤᠪᠢ ᠭᠦᠢᠴᠡᠳᠬᠡᠵᠦ᠂ ᠵᠣᠭᠤᠰ ᠤᠨ ᠲᠤᠭ᠎ᠠ  ᠨᠢ 21.8 ᠳ᠋ᠦᠩᠰᠢᠭᠤᠷ ᠳ᠋ᠣᠯᠯᠠᠷ ᠲᠤ ᠬᠦᠷᠴᠦ᠂ 2022 ᠣᠨ ᠤ ᠬᠢ ᠠᠴᠠ ᠲᠣᠰ ᠲᠣᠰ 3.8 ᠳᠠᠭᠢᠨ᠂ 2.3 ᠳᠠᠭᠢᠨ ᠨᠡᠮᠡᠭᠳᠡᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠪᠡᠶᠡᠯᠡᠭᠦᠯᠪᠡ᠃ ᠬᠢᠯᠢ ᠶᠢᠨ ᠠᠷᠠᠯᠵᠢᠶ᠎ᠠ ᠶᠢᠨ ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠵᠤ ᠰᠢᠯᠢᠳᠡᠭᠵᠢᠭᠦᠯᠦᠨ᠂ ︽ᠬᠢᠯᠢ ᠶᠢᠨ ᠠᠷᠠᠳ ᠤᠨ ᠬᠠᠷᠢᠯᠴᠠᠨ ᠠᠷᠠᠯᠵᠢᠶ᠎ᠠ ᠮᠠᠶᠢᠮᠠᠢ ᠬᠢᠬᠦ ᠠᠷᠠᠯᠵᠢᠶᠠᠨ ᠤ ᠭᠠᠵᠠᠷ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠡᠳ᠋ᠰᠢᠭᠦᠯᠦᠨ ᠪᠤᠯᠪᠠᠰᠤᠷᠠᠭᠤᠯᠵᠤ ᠬᠢᠯᠢ ᠠᠯᠤᠰᠯᠠᠨ ᠲᠣᠭᠠᠴᠠᠭ᠎ᠠ ᠬᠢᠬᠦ ᠠᠵᠢᠯᠯᠠᠭᠠᠨ ᠤ ᠳᠦᠷᠢᠮ︾ ᠢ ᠲᠣᠭᠲᠠᠭᠠᠵᠤ᠂ ᠬᠢᠯᠢ ᠠᠯᠤᠰᠯᠠᠨ ᠲᠣᠭᠠᠴᠠᠭ᠎ᠠ ᠬᠢᠵᠦ ᠳ᠋ᠦᠩᠨᠡᠨ ᠪᠤᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠢᠯᠢ ᠶᠢᠨ ᠠᠷᠠᠳ ᠤᠨ ᠬᠢᠯᠢ ᠠᠯᠤᠰᠯᠠᠭᠰᠠᠨ ᠠᠷᠠᠯᠵᠢᠶ᠎ᠠ ᠶᠢᠨ ᠪᠡᠯᠡ ᠮᠥᠩᠭᠦ ᠶᠢ ︽ᠰᠢᠭᠤᠳ ᠲᠠᠩᠰᠠᠨ ᠳᠤ ᠣᠷᠣᠭᠤᠯᠬᠤ︾ ᠶᠢ ᠪᠡᠶᠡᠯᠡᠭᠦᠯᠪᠡ᠃ 2023 ᠣᠨ ᠳᠤ ᠪᠦᠭᠦ ᠣᠷᠣᠨ ᠤ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠶᠢᠨ ᠬᠢᠨ ᠪᠠᠩᠬᠢ  ᠶᠢ ᠵᠢᠯᠣᠭᠤᠳᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠡᠳ᠋ᠰᠢᠭᠦᠯᠦᠨ ᠪᠤᠯᠪᠠᠰᠤᠷᠠᠭᠤᠯᠵᠤ ᠬᠢᠯᠢ ᠠᠯᠤᠰᠯᠠᠨ 91 ᠬᠤᠪᠢ ᠭᠤᠪᠢᠭᠤᠯᠭ᠎ᠠ ᠶᠢ ᠭᠦᠢᠴᠡᠳᠬᠡᠪᠡ᠃      ᠡᠭᠦᠨ ᠤ ᠬᠠᠮᠲᠤ᠂ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠪᠡᠯᠡ ᠬᠤᠷᠠᠮᠳᠤᠭᠤᠯᠭ᠎ᠠ ᠶᠢᠨ ᠬᠦᠷᠢᠶᠡᠨ ᠳᠠᠬᠢ ᠳᠥᠭᠦᠮᠴᠢᠯᠡᠯᠲᠡ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠬᠥᠷᠥᠩᠭᠡ ᠶᠢᠨ ᠲᠦᠷᠦᠯ ᠵᠦᠢᠯ ᠤᠨ ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠶᠢᠨ ᠳᠥᠭᠦᠮᠴᠢᠯᠡᠯᠲᠡ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠳᠥᠭᠦᠮᠴᠢᠯᠡᠯᠲᠡ ᠶᠢᠨ ᠵᠣᠭᠤᠰ ᠥᠭᠬᠦ ᠬᠠᠷᠢᠴᠠᠯ ᠢ 57.9% ᠪᠤᠯᠲᠠᠯ᠎ᠠ ᠳᠡᠭᠡᠭᠰᠢᠯᠡᠭᠦᠯᠪᠡ᠃ ᠤᠯᠤᠰ ᠠᠯᠤᠰᠯᠠᠭᠰᠠᠨ ᠺᠤᠮᠫᠠᠨᠢ ᠶᠢᠨ ᠬᠢᠯᠢ ᠠᠯᠤᠰᠯᠠᠭᠰᠠᠨ ᠪᠡᠯᠡ ᠮᠥᠩᠭᠦ ᠶᠢ ᠲᠥᠪᠯᠡᠷᠡᠭᠦᠯᠦᠨ ᠡᠵᠡᠩᠨᠡᠬᠦ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ ᠳᠤ 2000 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠨ ᠥᠭᠴᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠢᠯᠢ ᠠᠯᠤᠰᠯᠠᠭᠰᠠᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠳᠡᠮᠵᠢᠵᠦ᠂ ᠪᠦᠭᠦ ᠣᠷᠣᠨ ᠤ ᠪᠦᠭᠦ ᠵᠢᠯ ᠤᠨ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠮᠥᠩᠭᠦ 2022 ᠣᠨ ᠤ  ᠬᠢ ᠠᠴᠠ 12.8% ᠪᠠᠷ ᠨᠡᠮᠡᠭᠳᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号