ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ︕ ᠮᠠᠨ ᠤ ᠣᠷᠣᠨ ᠤ ᠣᠯᠠᠨ ᠭᠠᠵᠠᠷ ᠲᠤ ᠵᠠᠮ ᠮᠥᠰᠥᠲᠦᠨ᠎ᠡ
ᠨᠡᠶᠢᠲᠡᠯᠡᠭᠰᠡᠨ ᠴᠠᠭ᠄
2024/2/21
     ᠴᠠᠰᠤ ᠣᠷᠣᠭᠰᠠᠨ ᠤ ᠨᠥᠯᠥᠭᠡ ᠪᠠᠷ᠂ ᠢᠷᠡᠬᠦ 12 ᠴᠠᠭ ᠤᠨ ᠳᠣᠲᠣᠷ᠎ᠠ ᠮᠠᠨ ᠤ ᠣᠷᠣᠨ ᠤ ᠣᠯᠠᠨ ᠭᠠᠵᠠᠷ ᠲᠤ ᠵᠠᠮ ᠮᠥᠰᠥᠲᠦᠵᠦ ᠵᠠᠮ ᠨᠡᠪᠲᠡᠷᠡᠯᠭᠡ ᠶᠢ ᠨᠥᠯᠥᠭᠡᠯᠡᠬᠦ ᠪᠣᠯᠣᠨ᠎ᠠ᠃ ᠥᠨᠥᠳᠥᠷ ᠤᠨ 12 ᠴᠠᠭ ᠪᠤᠯᠲᠠᠯ᠎ᠠ᠂ ᠮᠠᠨ ᠤ ᠣᠷᠣᠨ ᠤ ᠭᠦᠭᠡᠬᠤᠲᠠ᠂ ᠲᠦᠩᠯᠢᠶᠣᠣ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠵᠡᠷᠭᠡ 6 ᠬᠤᠲᠠ ᠶᠢᠨ 37 ᠬᠤᠰᠢᠭᠤ ᠰᠢᠶᠠᠨ ᠲᠣᠭᠤᠷᠢᠭ ᠨᠢᠭᠡᠨᠲᠡ ᠵᠠᠮ ᠮᠥᠰᠥᠲᠦᠬᠦ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠃ ᠬᠠᠮᠢᠶ᠎ᠠ ᠪᠦᠬᠦᠢ ᠪᠠᠶᠢᠭᠤᠯᠭ᠎ᠠ ᠪᠠ ᠠᠵᠢᠯᠲᠠᠨ ᠰᠡᠷᠭᠡᠶᠢᠯᠡᠬᠦ ᠪᠡᠯᠡᠳᠬᠡᠯ ᠬᠢᠭᠡᠷᠡᠢ᠃
ᠰᠡᠷᠭᠡᠶᠢᠯᠡᠯᠲᠡ ᠶᠢᠨ ᠵᠦᠭᠯᠡᠭᠦᠷ᠄      1. ᠵᠠᠮ ᠬᠠᠷᠢᠯᠴᠠᠭ᠎ᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠣᠰᠣᠭᠠᠷ ᠵᠠᠮ ᠮᠥᠰᠥᠲᠦᠬᠦ ᠶᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠡᠷᠡᠢ ;      2. ᠵᠢᠯᠣᠭᠤᠴᠢ ᠨᠠᠷ ᠵᠠᠮ ᠤᠨ ᠪᠠᠶᠢᠳᠠᠯ ᠢ ᠠᠩᠬᠠᠷᠴᠤ᠂ ᠠᠮᠤᠷ ᠲᠦᠪᠰᠢᠨ ᠢᠶᠠᠷ ᠠᠶᠠᠯᠠᠬᠤ ᠶᠢ ᠬᠢᠴᠢᠶᠡᠭᠡᠷᠡᠢ ;      3. ᠶᠠᠪᠠᠭᠠᠨ ᠬᠥᠮᠥᠨ ᠭᠠᠳᠠᠭᠰᠢ ᠭᠠᠷᠬᠤ ᠳᠠᠭᠠᠨ ᠳᠤᠭᠤᠢ ᠴᠥᠭᠡᠨ ᠤᠨᠤᠵᠤ᠂ ᠬᠠᠯᠲᠤᠷᠢᠬᠤ ᠠᠴᠠ ᠬᠢᠴᠢᠶᠡᠭᠡᠷᠡᠢ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号