ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ︿ᠳᠤᠯᠠᠭᠠᠯᠠᠬᠤ ᠢᠨᠵᠧᠨᠧᠷᠢᠩ﹀ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/21
     ᠨᠢᠭᠡ᠂ ᠶᠡᠷᠦᠩᠬᠡᠢ ᠪᠠᠶᠢᠳᠠᠯ      ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠦᠬᠦ ᠣᠷᠣᠨ ᠤ ︿ᠳᠤᠯᠠᠭᠠᠯᠠᠬᠤ ᠢᠨᠵᠧᠨᠧᠷᠢᠩ﹀ ᠤᠨ ᠲᠥᠰᠥᠯ︾ ︵ᠡᠬᠡ ᠨᠣᠣᠷᠠᠭ︶᠂ ︽ᠬᠥᠬᠡᠬᠤᠲᠠ ᠶᠢᠨ ︿ᠳᠤᠯᠠᠭᠠᠯᠠᠬᠤ ᠢᠨᠵᠧᠨᠧᠷᠢᠩ﹀ ᠤᠨ ᠪᠦᠲᠦᠭᠡᠨ ᠪᠠᠶᠢᠭᠤᠯᠤᠯᠲᠠ  ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ  ᠲᠠᠢ ᠤᠶᠠᠯᠳᠤᠭᠤᠯᠤᠨ᠂ ᠢᠯᠴᠢ ᠡᠭᠦᠰᠬᠡᠭᠴᠢ ᠶᠢ ᠪᠠᠲᠤᠯᠠᠬᠤ᠂ ᠢᠯᠴᠢ ᠶᠢᠨ ᠲᠣᠣᠷ ᠢ ᠥᠭᠡᠷᠡᠴᠢᠯᠡᠨ ᠰᠠᠶᠢᠵᠢᠷᠠᠭᠤᠯᠬᠤ ︵ᠨᠢᠭᠡᠳᠦᠭᠡᠷ ᠬᠤᠭᠤᠯᠠᠢ ᠶᠢᠨ ᠲᠣᠣᠷ᠂ ᠬᠤᠶᠠᠳᠤᠭᠠᠷ ᠬᠤᠭᠤᠯᠠᠢ ᠶᠢᠨ ᠲᠣᠣᠷ᠂ ᠢᠯᠴᠢ ᠰᠣᠯᠢᠯᠴᠠᠬᠤ ᠥᠷᠲᠡᠭᠡ᠂ ︽ᠬᠤᠯᠪᠣᠭᠠᠯᠠᠭᠰᠠᠨ︾ ᠬᠤᠷᠢᠶᠠᠯᠠᠯ ᠤᠨ ᠬᠤᠭᠤᠯᠠᠢ ᠶᠢᠨ ᠲᠣᠣᠷ︶᠂ ᠣᠶᠤᠨᠴᠢᠯᠠᠯᠲᠠ ᠶᠢ ᠪᠦᠲᠦᠭᠡᠨ ᠪᠠᠶᠢᠭᠤᠯᠬᠤ ︵ᠣᠶᠤᠨᠴᠢ ᠬᠠᠮᠢᠶᠠᠷᠤᠯᠲᠠ ᠶᠢᠨ ᠲᠠᠪᠴᠠᠩ᠂ ᠳᠤᠯᠠᠭᠠᠨ ᠤ ᠰᠡᠷᠡᠯ ᠳᠠᠮᠵᠢᠭᠤᠯᠤᠭᠤᠷ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ︶᠂ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠵᠡᠷᠭᠡ 4 ᠲᠠᠯ᠎ᠠ ᠠᠴᠠ ᠭᠤᠣᠯᠳᠠᠯᠭ᠎ᠠ ᠲᠠᠢ ᠭᠠᠷᠳᠠᠨ᠎ᠠ᠃ ᠮᠠᠨ ᠤ ᠰᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠦᠴᠦᠸᠠᠨ ᠰᠢᠶᠠᠨ ᠤ ︿ᠳᠤᠯᠠᠭᠠᠯᠠᠬᠤ ᠢᠨᠵᠧᠨᠧᠷᠢᠩ﹀ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠥᠯ︾ ᠢ ᠲᠤᠭᠤᠷᠪᠢᠨ ᠪᠢᠴᠢᠵᠦ᠂ ᠠᠵᠢᠯ ᠤᠨ ᠲᠤᠰᠬᠠᠢ ᠠᠩᠭᠢ ᠪᠠᠶᠢᠭᠤᠯᠵᠤ᠂ 3 ᠲᠠᠯ᠎ᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠂ ᠨᠢᠭᠡ ᠳᠤ ᠬᠤᠭᠤᠯᠠᠢ ᠶᠢᠨ ᠲᠣᠣᠷ ᠢ ᠥᠭᠡᠷᠡᠴᠢᠯᠡᠨ ᠰᠠᠶᠢᠵᠢᠷᠠᠭᠤᠯᠬᠤ ᠪᠠ ᠲᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ 11.47 ᠺᠢᠯᠣᠮᠧᠲᠷ ᠤᠨ ᠨᠢᠭᠡᠳᠦᠭᠡᠷ ᠬᠤᠭᠤᠯᠠᠢ ᠶᠢᠨ ᠲᠣᠣᠷ ︵11 ᠵᠤᠷᠪᠤᠰ ᠵᠠᠮ ᠤᠨ ᠬᠡᠰᠡᠭ︶᠂ 2.12 ᠺᠢᠯᠣᠮᠧᠲᠷ ᠤᠨ ᠬᠤᠶᠠᠳᠤᠭᠠᠷ ᠬᠤᠭᠤᠯᠠᠢ ᠶᠢᠨ ᠲᠣᠣᠷ ︵5 ᠵᠤᠷᠪᠤᠰ ᠵᠠᠮ ᠤᠨ ᠬᠡᠰᠡᠭ᠂ 8 ᠬᠤᠷᠢᠶᠠᠯᠠᠯ︶᠂ 4 ᠢᠯᠴᠢ ᠰᠣᠯᠢᠯᠴᠠᠬᠤ ᠥᠷᠲᠡᠭᠡ ︵1 ᠰᠠᠭᠤᠷᠢ ᠶᠢ ᠲᠠᠰ ᠳᠡᠪᠰᠢᠭᠦᠯᠦᠨ ᠥᠭᠡᠷᠡᠴᠢᠯᠡᠬᠦ᠂ 3 ᠰᠠᠭᠤᠷᠢ ᠶᠢ ᠰᠢᠨ᠎ᠡ ᠪᠠᠷ ᠪᠠᠶᠢᠭᠤᠯᠬᠤ︶᠂ 4 ︽ᠬᠤᠯᠪᠣᠭᠠᠯᠠᠭᠰᠠᠨ︾ ᠬᠤᠷᠢᠶᠠᠯᠠᠯ ᠢ ᠪᠡᠶᠡᠯᠡᠭᠦᠯᠦᠨ᠎ᠡ︔ ᠬᠤᠶᠠᠷ ᠲᠤ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ 12 ᠬᠠᠭᠤᠴᠢᠨ ᠬᠤᠷᠢᠶᠠᠯᠠᠯ ᠤᠨ ᠭᠠᠳᠠᠷ ᠬᠡᠷᠡᠮ ᠤᠨ ᠳᠤᠯᠠᠭᠠᠨ ᠬᠠᠳᠠᠭᠠᠯᠠᠬᠤ ᠥᠭᠡᠷᠡᠴᠢᠯᠡᠯᠲᠡ ᠪᠠ ᠡᠭᠦᠳᠡ ᠴᠣᠩᠬᠤ ᠶᠢ ᠰᠣᠯᠢᠬᠤ ᠶᠢ ᠪᠡᠶᠡᠯᠡᠭᠦᠯᠦᠨ᠎ᠡ︔ ᠭᠤᠷᠪᠠ ᠳᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ᠢᠯᠴᠢ ᠬᠠᠩᠭᠠᠬᠤ ᠢᠵᠢ ᠪᠦᠷᠢᠳᠦᠭᠦᠯᠬᠦ ᠰᠦᠢᠳᠬᠡᠯ᠂ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠢᠯᠴᠢ ᠬᠠᠩᠭᠠᠬᠤ ︽ᠬᠤᠣᠰ ᠬᠠᠮᠢᠶᠠᠷᠤᠭᠴᠢ︾ ᠶᠢᠨ ᠳᠦᠷᠢᠮ ᠢ ᠲᠡᠭᠦᠯᠳᠡᠷᠵᠢᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ᠂ ᠶᠡᠭᠡ ᠴᠢᠳᠠᠯᠲᠤ ᠰᠢᠯᠵᠢᠮᠡᠯ ᠢᠯᠴᠢ ᠡᠭᠦᠰᠬᠡᠭᠴᠢ ᠶᠢ ᠢᠵᠢ ᠪᠦᠷᠢᠳᠦᠭᠦᠯᠵᠦ᠂ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠬᠤ ᠪᠠ 900 ᠡᠷᠤᠭᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃      ᠮᠠᠨ ᠤ ᠰᠢᠶᠠᠨ ᠤ ᠢᠯᠴᠢ ᠬᠠᠩᠭᠠᠬᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠢᠯᠴᠢ ᠡᠭᠦᠰᠬᠡᠭᠴᠢ ᠶᠢᠨ ᠦᠢᠯᠡᠳᠪᠦᠷᠢ ᠶᠢᠨ ᠭᠦᠸᠧᠯᠦ ᠶᠢ ᠰᠢᠭᠰᠢᠭᠳᠡᠭᠦᠯᠦᠨ ᠰᠣᠯᠢᠬᠤ ᠶᠢ ᠲᠦᠷ ᠬᠡᠷᠡᠭᠵᠢᠭᠦᠯᠬᠦ ᠦᠭᠡᠢ᠂ ᠬᠡᠷᠡᠭᠯᠡᠭᠡᠨ ᠠᠴᠠ ᠭᠠᠷᠭᠠᠵᠤ ᠰᠢᠭᠰᠢᠭᠳᠡᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠭᠰᠠᠨ ᠤ ᠳᠠᠷᠠᠭ᠎ᠠ ᠬᠡᠪ ᠤᠨ ᠠᠵᠢᠯᠯᠠᠭᠠᠨ ᠢ ᠪᠠᠲᠤᠯᠠᠨ᠎ᠠ︔ ᠡᠭᠦᠨ ᠠᠴᠠ ᠭᠠᠳᠠᠨ᠎ᠠ ᠣᠶᠤᠨᠲᠤ ᠬᠠᠮᠢᠶᠠᠷᠤᠯᠲᠠ ᠶᠢᠨ ᠲᠠᠪᠴᠠᠩ ᠨᠢ ᠭᠤᠷᠪᠠᠳᠤᠭᠠᠷ᠂ ᠳᠥᠷᠪᠡᠳᠦᠭᠡᠷ ᠢᠯᠴᠢ ᠡᠭᠦᠰᠬᠡᠭᠴᠢ ᠶᠢᠨ ᠦᠢᠯᠡᠳᠪᠦᠷᠢ ᠶᠢᠨ ᠬᠤᠭᠤᠯᠠᠢ ᠶᠢᠨ ᠳ᠋ᠢᠶᠠᠮᠧᠲᠷ ᠤᠨ ᠶᠡᠭᠡ ᠪᠠᠭ᠎ᠠ ᠨᠢ ᠠᠳᠠᠯᠢ ᠪᠤᠰᠤ ᠪᠠᠶᠢᠬᠤ ᠪᠣᠳᠠᠲᠤ ᠪᠠᠶᠢᠳᠠᠯ ᠢ ᠪᠣᠳᠣᠯᠬᠢᠯᠠᠵᠤ᠂ ᠬᠤᠲᠠ ᠶᠢᠨ ᠲᠤᠰᠬᠠᠢ ᠠᠩᠭᠢ ᠲᠠᠢ ᠨᠡᠪᠲᠡᠷᠡᠯᠴᠡᠬᠦ ᠪᠠᠷ ᠳᠡᠮᠵᠢᠨ᠂ ᠨᠥᠬᠦᠴᠡᠯ ᠦᠭᠡᠢ ᠨᠢ ᠲᠦᠷ ᠣᠶᠤᠨᠴᠢᠯᠠᠬᠤ ᠶᠢ ᠬᠡᠷᠡᠭᠵᠢᠭᠦᠯᠬᠦ ᠦᠭᠡᠢ ᠪᠠᠶᠢᠵᠤ ᠪᠣᠯᠣᠨ᠎ᠠ᠂ ᠬᠤᠲᠠ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠨᠢ ᠵᠥᠪᠬᠡᠨ ᠬᠤᠲᠠ ᠶᠢᠨ ᠳᠥᠷᠪᠡᠨ ᠲᠣᠭᠤᠷᠢᠭ ᠢ ᠳᠡᠮᠵᠢᠨ᠎ᠡ᠂ ᠬᠤᠰᠢᠭᠤ ᠰᠢᠶᠠᠨ ᠥᠪᠡᠷ ᠢᠶᠠᠨ ᠴᠤᠭᠯᠠᠭᠤᠯᠤᠨ᠎ᠠ᠃      ᠬᠤᠶᠠᠷ᠂ ᠲᠥᠷᠥᠯ ᠵᠦᠢᠯ ᠤᠨ ᠪᠡᠯᠡ ᠮᠥᠩᠭᠦ ᠵᠢᠴᠢ ᠢᠷᠡᠯᠲᠡ      ᠶᠡᠷᠦᠩᠬᠡᠢ ᠪᠡᠯᠡ ᠣᠷᠣᠭᠤᠯᠤᠯᠲᠠ 8415 ᠲᠦᠮᠡᠨ ᠲᠥᠭᠦᠷᠢᠭ ︵ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠢᠨᠵᠧᠨᠧᠷᠢᠩ ᠤᠨ ᠪᠡᠯᠡ ᠮᠥᠩᠭᠦ ᠪᠠᠭᠲᠠᠬᠤ ᠦᠭᠡᠢ︶᠂ ᠡᠭᠦᠨ ᠳᠤ᠄ ᠬᠤᠲᠠ ᠶᠢᠨ ᠱᠠᠲᠤᠨ ᠤ ᠪᠡᠯᠡ ᠮᠥᠩᠭᠦ 2856.75 ᠲᠦᠮᠡᠨ ᠲᠥᠭᠦᠷᠢᠭ᠂ ᠰᠢᠶᠠᠨ ᠤ ᠱᠠᠲᠤᠨ ᠤ ᠡᠳ᠋ ᠤᠨ ᠵᠠᠰᠠᠭ ‍ᠤᠨ‌‍ᠴᠤᠭᠯᠠᠭᠤᠯᠬᠤ ᠪᠡᠯᠡ ᠮᠥᠩᠭᠦ 1275.75 ᠲᠦᠮᠡᠨ ᠲᠥᠭᠦᠷᠢᠭ᠂ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠬᠤ ᠪᠡᠯᠡ ᠮᠥᠩᠭᠦ 4282.5 ᠲᠦᠮᠡᠨ ᠲᠥᠭᠦᠷᠢᠭ᠃      ︵ᠨᠢᠭᠡ︶ ᠨᠢᠭᠡᠳᠦᠭᠡᠷ ᠬᠤᠭᠤᠯᠠᠢ ᠶᠢᠨ ᠲᠣᠣᠷ ᠢ ᠥᠭᠡᠷᠡᠴᠢᠯᠡᠨ᠎ᠡ᠃ ᠨᠢᠭᠡᠳᠦᠭᠡᠷ ᠬᠤᠭᠤᠯᠠᠢ ᠶᠢᠨ ᠲᠣᠣᠷ ᠢ 11.47 ᠺᠢᠯᠣᠮᠧᠲᠷ ᠥᠭᠡᠷᠡᠴᠢᠯᠡᠬᠦ ᠪᠠᠷ ᠲᠥᠯᠥᠪᠯᠡᠵᠦ᠂ 4620 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠃ ᠬᠤᠲᠠ ᠶᠢᠨ ︽ᠳᠤᠯᠠᠭᠠᠯᠠᠬᠤ ᠢᠨᠵᠧᠨᠧᠷᠢᠩ︾ ᠤᠨ ᠲᠥᠰᠥᠯ ᠤᠨ ᠱᠠᠭᠠᠷᠳᠠᠯᠭ᠎ᠠ ᠶᠣᠰᠣᠭᠠᠷ᠂ ᠨᠢᠭᠡᠳᠦᠭᠡᠷ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠪᠡᠯᠡ ᠮᠥᠩᠭᠦ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠪᠠ ᠢᠯᠴᠢ ᠬᠠᠩᠭᠠᠬᠤ ᠠᠵᠤ ᠠᠬᠤᠶᠢᠯᠠᠯ ᠲᠣᠰ ᠲᠣᠰ 50% ᠶᠢ ᠡᠭᠦᠷᠭᠡᠯᠡᠨ᠎ᠡ᠂ ᠲᠤᠬᠠᠶᠢᠯᠠᠪᠠᠯ᠄ ᠬᠤᠲᠠ ᠶᠢᠨ ᠱᠠᠲᠤᠨ ᠤ ᠪᠠᠭᠤᠯᠭᠠᠬᠤ ᠪᠡᠯᠡ ᠮᠥᠩᠭᠦ 2310 ᠲᠦᠮᠡᠨ ᠲᠥᠭᠦᠷᠢᠭ᠂ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠬᠤ ᠪᠡᠯᠡ ᠮᠥᠩᠭᠦ 2310 ᠲᠦᠮᠡᠨ ᠲᠥᠭᠦᠷᠢᠭ᠃      ︵ᠬᠤᠶᠠᠷ︶ ᠬᠤᠶᠠᠳᠤᠭᠠᠷ ᠬᠤᠭᠤᠯᠠᠢ ᠶᠢᠨ ᠲᠣᠣᠷ᠂ ᠬᠤᠷᠢᠶᠠᠯᠠᠯ ᠤᠨ ᠳᠣᠲᠣᠭᠠᠳᠤ ᠬᠤᠭᠤᠯᠠᠢ ᠶᠢᠨ ᠲᠣᠣᠷ ᠵᠢᠴᠢ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ᠎ᠡ᠃ ᠬᠤᠶᠠᠳᠤᠭᠠᠷ ᠬᠤᠭᠤᠯᠠᠢ ᠶᠢᠨ ᠲᠣᠣᠷ ᠢ 2.12 ᠺᠢᠯᠣᠮᠧᠲᠷ ᠥᠭᠡᠷᠡᠴᠢᠯᠡᠬᠦ ᠪᠠᠷ ᠲᠥᠯᠥᠪᠯᠡᠵᠦ᠂ 2591 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ︔ 4 ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ ᠪᠠᠶᠢᠭᠤᠯᠬᠤ ᠳᠤ 910 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ ︵ᠡᠭᠦᠨ ᠳᠤ᠄ 3 ᠰᠢᠨ᠎ᠡ ᠪᠠᠷ ᠪᠠᠶᠢᠭᠤᠯᠬᠤ ᠳᠤ 720 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠂ 1 ᠲᠠᠰ ᠳᠡᠪᠰᠢᠭᠦᠯᠦᠨ ᠥᠭᠡᠷᠡᠴᠢᠯᠡᠬᠦ ᠳᠤ ᠪᠠᠶᠢᠭᠤᠯᠬᠤ ᠳᠤ 190 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ︶︔ ︽ᠬᠤᠯᠪᠣᠭᠠᠯᠠᠭᠰᠠᠨ︾ 4 ᠬᠤᠷᠢᠶᠠᠯᠠᠯ  ᠢ ᠥᠭᠡᠷᠡᠴᠢᠯᠡᠬᠦ ᠳᠤ 144 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠃ ᠳᠡᠭᠡᠷᠡᠬᠢ ᠲᠥᠷᠥᠯ ᠵᠦᠢᠯ ᠤᠨ ᠨᠡᠶᠢᠲᠡ 3645 ᠲᠦᠮᠡᠨ ᠲᠥᠭᠦᠷᠢᠭ ᠤᠨ ᠪᠡᠯᠡ ᠮᠥᠩᠭᠦ ᠶᠢ ᠬᠤᠲᠠ᠂ ᠰᠢᠶᠠᠨ᠂ ᠠᠵᠤ ᠠᠬᠤᠶᠢᠯᠠᠯ ᠤᠨ 15%᠂ 35%᠂ 50% ᠶᠢᠨ ᠪᠡᠯᠡ ᠴᠤᠭᠯᠠᠭᠤᠯᠬᠤ ᠬᠠᠷᠢᠴᠠᠯ ᠢᠶᠠᠷ ᠪᠤᠳᠤᠨ᠎ᠠ᠂ ᠲᠤᠬᠠᠶᠢᠯᠠᠪᠠᠯ᠄ ᠬᠤᠲᠠ ᠶᠢᠨ ᠱᠠᠲᠤᠨ ᠤ ᠪᠠᠭᠤᠯᠭᠠᠬᠤ ᠪᠡᠯᠡ ᠮᠥᠩᠭᠦ 546.75 ᠲᠦᠮᠡᠨ ᠲᠥᠭᠦᠷᠢᠭ᠂ ᠰᠢᠶᠠᠨ ᠤ ᠱᠠᠲᠤᠨ ᠤ ᠡᠳ᠋ ᠤᠨ ᠵᠠᠰᠠᠭ ᠤᠨ ᠴᠤᠭᠯᠠᠭᠤᠯᠬᠤ ᠪᠡᠯᠡ ᠮᠥᠩᠭᠦ 1275.75 ᠲᠦᠮᠡᠨ ᠲᠥᠭᠦᠷᠢᠭ᠂ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠬᠤ ᠪᠡᠯᠡ ᠮᠥᠩᠭᠦ 1822.5 ᠲᠦᠮᠡᠨ ᠲᠥᠭᠦᠷᠢᠭ᠃      ︵ᠭᠤᠷᠪᠠ︶ ᠰᠢᠯᠵᠢᠮᠡᠯ ᠢᠯᠴᠢ ᠡᠭᠦᠰᠬᠡᠭᠴᠢ ᠶᠢ ᠲᠣᠬᠢᠷᠠᠭᠤᠯᠤᠨ᠎ᠠ᠃ ᠶᠡᠭᠡ ᠴᠢᠳᠠᠯᠲᠤ ᠰᠢᠯᠵᠢᠮᠡᠯ ᠢᠯᠴᠢ ᠡᠭᠦᠰᠬᠡᠭᠴᠢ ᠶᠢ 1 ᠬᠤᠳᠠᠯᠳᠤᠨ ᠠᠪᠴᠤ᠂ ᠪᠠᠴᠢᠮ ᠪᠠᠶᠢᠳᠠᠯ ᠢ ᠠᠷᠭᠠᠴᠠᠬᠤ ᠢᠯᠴᠢ ᠶᠢᠨ ᠬᠠᠩᠭᠠᠯᠭ᠎ᠠ ᠶᠢ ᠪᠠᠲᠤᠯᠠᠬᠤ ᠳᠤ ᠪᠠᠷᠤᠭ 150 ᠲᠦᠮᠡᠨ ᠲᠥᠭᠦᠷᠢᠭ ᠤᠨ ᠪᠡᠯᠡ ᠮᠥᠩᠭᠦ ᠬᠡᠷᠡᠭᠰᠡᠨ᠎ᠡ᠃ ᠪᠡᠯᠡ ᠮᠥᠩᠭᠦ ᠶᠢ ᠠᠵᠤ ᠠᠬᠤᠶᠢᠯᠠᠯ ᠥᠪᠡᠷ ᠢᠶᠠᠨ ᠴᠤᠭᠯᠠᠭᠤᠯᠤᠨ᠎ᠠ᠃      ᠳᠡᠭᠡᠷᠡᠬᠢ ᠲᠥᠷᠥᠯ ᠵᠦᠢᠯ ᠳᠤ ᠬᠤᠲᠠ ᠶᠢᠨ ᠱᠠᠲᠤᠨ ᠤ ᠳᠣᠷᠣᠭᠰᠢ ᠪᠠᠭᠤᠯᠭᠠᠬᠤ ᠪᠡᠯᠡ ᠮᠥᠩᠭᠦ 2856.75 ᠲᠦᠮᠡᠨ ᠲᠥᠭᠦᠷᠢᠭ᠂ ᠰᠢᠶᠠᠨ ᠤ ᠱᠠᠲᠤᠨ ᠤ 1275.75 ᠲᠦᠮᠡᠨ ᠲᠥᠭᠦᠷᠢᠭ ᠠᠴᠠ ᠭᠠᠳᠠᠨ᠎ᠠ ᠰᠢᠶᠠᠨ ᠤ ᠱᠠᠲᠤᠨ ᠤ ᠡᠳ᠋ ᠤᠨ ᠵᠠᠰᠠᠭ ᠤᠨ ᠲᠥᠰᠥᠪ ᠢ ᠨᠡᠮᠡᠭᠳᠡᠭᠦᠯᠬᠦ ᠴᠢᠬᠤᠯᠠᠲᠠᠢ ᠪᠠᠶᠢᠵᠤ᠂ ᠠᠵᠤ ᠠᠬᠤᠶᠢᠯᠠᠯ ᠤᠨ ᠥᠪᠡᠷ ᠢᠶᠠᠨ ᠴᠤᠭᠯᠠᠭᠤᠯᠬᠤ 4282.5 ᠲᠦᠮᠡᠨ ᠲᠥᠭᠦᠷᠢᠭ ᠤᠨ ᠲᠥᠯᠥᠪᠯᠡᠭᠡ ᠳᠤ ᠲᠥᠪ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠤᠰᠬᠠᠢ ᠵᠦᠢᠯ ᠤᠨ ᠵᠢᠭᠡᠯᠡᠯᠭᠡ ᠵᠢᠴᠢ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠪᠠᠷ ᠰᠢᠢᠳᠪᠦᠷᠢᠯᠡᠨ᠎ᠡ᠃      ᠭᠤᠷᠪᠠ᠂ ᠭᠤᠣᠯ ᠡᠭᠦᠷᠭᠡ ᠵᠢᠴᠢ ᠪᠡᠶᠡᠯᠡᠭᠦᠯᠬᠦ ᠴᠠᠭ ᠤᠨ ᠬᠢᠵᠠᠭᠠᠷ      ︵ᠨᠢᠭᠡ︶ ᠢᠯᠴᠢ ᠶᠢᠨ ᠲᠣᠣᠷ ᠤᠨ ᠥᠭᠡᠷᠡᠴᠢᠯᠡᠯᠲᠡ ︵ᠪᠡᠶᠡᠯᠡᠭᠦᠯᠬᠦ ᠴᠠᠭ ᠤᠨ ᠬᠢᠵᠠᠭᠠᠷ᠄ 4 ᠳ᠋ᠦ᠋ᠭᠡᠷ ᠰᠠᠷ᠎ᠠ ᠶᠢᠨ 30 ᠤ ᠡᠳᠦᠷ ᠠᠴᠠ 9 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠲᠦᠷᠦᠭᠦᠯᠡᠨ ᠭᠦᠢᠴᠡᠳᠬᠡᠬᠦ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠪᠠᠢ ᠴᠤᠸᠠᠨ ᠢᠯᠴᠢ ᠶᠢᠨ ᠬᠦᠴᠦᠨ ᠤ ᠺᠣᠮᠫᠠᠨᠢ︶ ᠂ ᠪᠣᠳᠠᠲᠠᠢ ᠬᠡᠷᠡᠭᠵᠢᠭᠦᠯᠬᠦ ᠠᠭᠤᠯᠭ᠎ᠠ  ᠨᠢ᠄      1. ᠨᠢᠭᠡᠳᠦᠭᠡᠷ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠃ ᠬᠤᠭᠤᠯᠠᠢ ᠳᠡᠯᠪᠡᠷᠡᠬᠦ ᠠᠳᠡᠯ ᠣᠯᠠᠨᠲᠠ ᠭᠠᠷᠤᠭᠰᠠᠨ᠂ ᠠᠵᠢᠯᠯᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠡᠭᠡ ᠪᠠ ᠢᠯᠴᠢ ᠶᠢᠨ ᠳᠠᠭᠠᠭᠠᠴᠠ ᠨᠢ ᠬᠦᠨᠳᠦ ᠨᠣᠴᠢᠲᠠᠢ ᠵᠣᠬᠢᠴᠠᠯᠳᠤᠬᠤ ᠦᠭᠡᠢ ᠱᠦᠢᠨᠢ ᠶᠢᠨ ᠦᠢᠯᠡᠳᠪᠦᠷᠢ ᠶᠢᠨ ᠵᠠᠮ᠂ ᠲᠧᠩ ᠹᠧᠢ ᠵᠠᠮ᠂ ᠴᠠᠩ ᠰᠢᠩ ᠵᠡᠭᠡᠯᠢ ᠵᠡᠷᠭᠡ 11 ᠵᠤᠷᠪᠤᠰ ᠵᠠᠮ ᠤᠨ ᠬᠡᠰᠡᠭ ᠲᠤ ᠬᠤᠭᠤᠯᠠᠢ ᠶᠢᠨ ᠲᠣᠣᠷ ᠢ ᠥᠭᠡᠷᠡᠴᠢᠯᠡᠬᠦ ᠪᠤᠶᠤ ᠰᠢᠨ᠎ᠡ ᠪᠠᠷ ᠪᠠᠶᠢᠭᠤᠯᠵᠤ᠂ ᠬᠠᠭᠤᠴᠢᠨ ᠭᠤᠣᠯ ᠬᠤᠭᠤᠯᠠᠢ ᠶᠢᠨ ᠵᠠᠮ ᠢ 11.47 ᠺᠢᠯᠣᠮᠧᠲᠷ ᠰᠣᠯᠢᠨ᠎ᠠ᠃      2. ᠬᠤᠶᠠᠳᠤᠭᠠᠷ ᠬᠤᠭᠤᠯᠠᠢ ᠶᠢᠨ ᠲᠣᠣᠷ ᠤᠨ ᠥᠭᠡᠷᠡᠴᠢᠯᠡᠯᠲᠡ᠃ ᠬᠤᠭᠤᠯᠠᠢ ᠶᠢᠨ ᠲᠣᠣᠷ ᠤᠨ ᠢᠳᠡᠭᠳᠡᠯ ᠬᠦᠨᠳᠦ ᠨᠣᠴᠢᠲᠠᠢ ᠪᠠᠶᠢᠵᠤ᠂ ᠬᠤᠭᠤᠯᠠᠢ ᠶᠢᠨ ᠤᠰᠤ ᠭᠤᠭᠤᠵᠢᠭᠰᠠᠨ᠂ 2023 ᠣᠨ ᠳᠤ ᠬᠦᠰᠡᠯ ᠱᠠᠭᠠᠷᠳᠠᠯᠭ᠎ᠠ ᠶᠢ ᠬᠦᠯᠢᠶᠡᠨ ᠠᠪᠴᠤ ᠳᠠᠷᠤᠶᠢᠬᠠᠨ ᠰᠢᠢᠳᠪᠦᠷᠢᠯᠡᠬᠦ᠂ ᠬᠠᠮᠲᠤᠯᠢᠭ ᠤᠨ ᠵᠠᠬᠢᠳᠠᠯ ᠰᠣᠷᠪᠤᠯᠵᠢᠯᠠᠭ᠎ᠠ ᠨᠡᠯᠢᠶᠡᠳ ᠤᠯᠠᠨ ᠪᠠᠶᠢᠳᠠᠭ ᠵᠢᠶᠠᠨ ᠺᠠᠨᠩ ᠵᠡᠭᠡᠯᠢ᠂ ᠪᠧᠢ ᠳ᠋ᠠ ᠵᠡᠭᠡᠯᠢ᠂ ᠴᠢᠩ ᠱᠠᠨ ᠵᠠᠮ ᠵᠡᠷᠭᠡ 5 ᠵᠤᠷᠪᠤᠰ ᠵᠠᠮ ᠤᠨ ᠬᠡᠰᠡᠭ ᠪᠠ 8 ᠬᠤᠷᠢᠶᠠᠯᠠᠯ ᠤᠨ ᠳᠣᠲᠣᠭᠠᠳᠤ ᠶᠢᠨ ᠢᠯᠴᠢ ᠶᠢᠨ ᠬᠦᠴᠦᠨ ᠤ ᠬᠤᠶᠠᠳᠤᠭᠠᠷ ᠬᠤᠭᠤᠯᠠᠢ ᠶᠢᠨ ᠲᠣᠣᠷ ᠢ ᠥᠭᠡᠷᠡᠴᠢᠯᠡᠵᠦ᠂ ᠳᠤᠯᠠᠭᠠᠨ ᠢ ᠬᠠᠳᠠᠭᠠᠯᠠᠬᠤ ᠴᠢᠳᠠᠪᠬᠢ ᠰᠠᠶᠢᠨ᠂ ᠤᠰᠤ ᠶᠢ ᠰᠡᠷᠭᠡᠶᠢᠯᠡᠬᠦ᠂ ᠢᠳᠡᠭᠳᠡᠯ ᠳᠤ ᠳᠠᠭᠠᠭᠠᠮᠠᠭᠠᠢ᠂ ᠬᠡᠷᠡᠭᠯᠡᠬᠦ ᠬᠤᠭᠤᠴᠠᠭ᠎ᠠ ᠨᠢ ᠤᠷᠳᠤ ᠰᠢᠨ᠎ᠡ ᠮᠠᠶ᠋ᠢᠭ ᠤᠨ ᠰᠢᠭᠤᠳ ᠪᠤᠯᠠᠭᠰᠠᠨ ᠤᠷᠢᠳᠴᠢᠯᠠᠨ ᠦᠢᠯᠡᠳᠦᠭᠰᠡᠨ ᠳᠤᠯᠠᠭᠠᠨ ᠬᠠᠳᠠᠭᠠᠯᠠᠬᠤ ᠬᠤᠭᠤᠯᠠᠢ ᠶᠢ 2.12 ᠺᠢᠯᠣᠮᠧᠲᠷ ᠰᠣᠯᠢᠨ᠎ᠠ᠃      3. ︽ᠬᠤᠯᠪᠣᠭᠠᠯᠠᠭᠰᠠᠨ︾ ᠬᠤᠷᠢᠶᠠᠯᠠᠯ ᠤᠨ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠨ᠎ᠡ᠃ ᠠᠰᠠᠷ ᠤᠨ ᠳᠣᠲᠣᠷᠠᠬᠢ ᠬᠤᠭᠤᠯᠠᠢ ᠶᠢᠨ ᠲᠣᠣᠷ ᠲᠤ ᠣᠷᠣᠰᠢᠵᠤ ᠪᠠᠶᠢᠭ᠎ᠠ ᠬᠤᠭᠤᠯᠠᠢ ᠶᠢᠨ ᠳ᠋ᠢᠶᠠᠮᠧᠲᠷ ᠨᠢ ᠪᠠᠭ᠎ᠠ᠂ ᠬᠤᠭᠤᠯᠠᠢ ᠶᠢᠨ ᠮᠠᠲ᠋ᠧᠷᠢᠶᠠᠯ ᠤᠨ ᠶᠠᠰᠤ ᠴᠢᠨᠠᠷ ᠨᠢ ᠪᠠᠷᠤᠭᠲᠠᠢ᠂ ᠲᠥᠯᠦᠪᠵᠢᠭᠦᠯᠭᠡ ᠪᠠᠶᠢᠷᠢᠰᠢᠭᠤᠯᠤᠯᠲᠠ ᠨᠢ ᠵᠦᠢ ᠵᠣᠬᠢᠰ ᠦᠭᠡᠢ᠂ ᠬᠤᠭᠤᠯᠠᠢ ᠶᠢᠨ ᠢᠳᠡᠭᠳᠡᠯ ᠬᠦᠨᠳᠦ ᠨᠣᠴᠢᠲᠠᠢ ᠪᠠᠶᠢᠭ᠎ᠠ ᠵᠠᠮ ᠬᠠᠷᠢᠯᠴᠠᠭᠠᠨ ᠤ ᠲᠣᠪᠴᠢᠶ᠎ᠠ ᠶᠢᠨ ᠬᠠᠭᠤᠴᠢᠨ ᠠᠰᠠᠷ᠂ ᠬᠠᠭᠤᠴᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠭᠡᠷ ᠪᠦᠯᠢ ᠶᠢᠨ ᠠᠰᠠᠷ᠂ ᠰᠢᠤᠳᠠᠨ ᠤ ᠬᠤᠷᠢᠶᠠᠯᠠᠯ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠣᠷᠣᠨ ᠰᠠᠭᠤᠴᠠ ᠶᠢᠨ ᠬᠤᠷᠢᠶᠠᠯᠠᠯ ᠵᠡᠷᠭᠡ 4 ︽ᠬᠤᠯᠪᠣᠭᠠᠯᠠᠭᠰᠠᠨ︾ ᠬᠤᠷᠢᠶᠠᠯᠠᠯ ᠤᠨ ᠬᠤᠭᠤᠯᠠᠢ ᠶᠢᠨ ᠲᠣᠣᠷ ᠢ ᠥᠭᠡᠷᠡᠴᠢᠯᠡᠨ ᠰᠣᠯᠢᠨ᠎ᠠ᠃      4. ᠢᠯᠴᠢ ᠰᠣᠯᠢᠬᠤ ᠥᠷᠳᠡᠭᠡ ᠶᠢ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠤᠨ᠎ᠠ᠃ ᠭᠤᠷᠪᠠᠳᠤᠭᠠᠷ ᠢᠯᠴᠢ ᠡᠭᠦᠰᠬᠡᠭᠴᠢ ᠶᠢᠨ ᠦᠢᠯᠡᠳᠪᠦᠷᠢ ᠶᠢᠨ ᠬᠡᠰᠡᠭ ᠲᠣᠭᠤᠷᠢᠭ ᠪᠠ ᠶᠢᠨ ᠰᠠᠨ ᠵᠢᠶᠣᠣ ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠮᠠᠰᠢᠨ ᠲᠡᠷᠭᠡᠨ ᠤ ᠦᠷᠳᠡᠭᠡ ᠶᠢᠨ 1 ᠰᠠᠭᠤᠷᠢ ᠰᠢᠭᠤᠳ ᠬᠠᠩᠭᠠᠬᠤ ᠢᠯᠴᠢ ᠰᠣᠯᠢᠯᠴᠠᠬᠤ ᠦᠷᠳᠡᠭᠡ ᠶᠢ ᠲᠡᠰ ᠳᠡᠪᠰᠢᠭᠦᠯᠦᠨ ᠥᠭᠡᠷᠡᠴᠢᠯᠡᠵᠦ᠂ ᠱᠤ᠋ ᠶᠤᠸᠠᠨ ᠺᠠᠩ᠂ ᠬᠤᠸᠠ ᠯᠠᠢ ᠱᠢ᠂ ᠬᠤᠸᠠᠨ ᠢᠦᠢ ᠰᠢᠨ ᠴᠧᠩ ᠶᠢᠨ 3 ᠰᠠᠭᠤᠷᠢ ᠢᠯᠴᠢ ᠰᠣᠯᠢᠯᠴᠠᠬᠤ ᠦᠷᠳᠡᠭᠡ ᠶᠢ ᠰᠢᠨ᠎ᠡ ᠪᠠᠷ ᠪᠠᠶᠢᠭᠤᠯᠤᠨ᠎ᠠ᠃      ︵ᠬᠤᠶᠠᠷ︶ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠨᠡᠮᠡᠭᠳᠡᠭᠦᠯᠦᠨ᠎ᠡ ︵ᠪᠡᠶᠡᠯᠡᠭᠦᠯᠬᠦ ᠴᠠᠭ ᠤᠨ ᠬᠢᠵᠠᠭᠠᠷ᠄ 4 ᠳ᠋ᠦ᠋ᠭᠡᠷ ᠰᠠᠷ᠎ᠠ ᠶᠢᠨ 30 ᠤ ᠡᠳᠦᠷ ᠠᠴᠠ 9 ᠳ᠋ᠦ᠋ᠭᠡᠷ ᠰᠠᠷ᠎ᠠ ᠶᠢᠨ 15 ᠤ ᠡᠳᠦᠷ ᠪᠣᠯᠲᠠᠯ᠎ᠠ᠂ ᠲᠦᠷᠦᠭᠦᠯᠡᠨ ᠭᠦᠢᠴᠡᠳᠬᠡᠬᠦ ᠨᠢᠭᠡᠴᠢ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠬᠥᠬᠡ ᠡᠷᠭᠢ ᠪᠠᠯᠭᠠᠰᠤ︶᠃ 20 ᠵᠢᠯ ᠠᠴᠠ ᠳᠡᠭᠡᠭᠰᠢ ᠬᠡᠷᠡᠭᠯᠡᠭᠰᠡᠨ᠂ ᠭᠡᠷ ᠪᠠᠶᠢᠰᠢᠩ ᠤᠨ ᠪᠦᠲᠦᠴᠡ ᠶᠢᠨ ᠳᠤᠯᠠᠭᠠᠨ ᠬᠠᠳᠠᠭᠠᠯᠠᠬᠤ ᠴᠢᠳᠠᠮᠵᠢ ᠪᠠᠷ ᠠᠨᠠᠢ᠂ ᠢᠯᠴᠢ ᠬᠠᠩᠭᠠᠬᠤ ᠶᠠᠰᠤ ᠴᠢᠨᠠᠷ ᠢ ᠬᠦᠨᠳᠦ ᠨᠣᠴᠢᠲᠠᠢ ᠨᠥᠯᠥᠭᠡᠯᠡᠭᠰᠡᠨ ᠭᠡᠷ ᠪᠠᠶᠢᠰᠢᠩ ᠳᠤ᠂ ᠭᠠᠳᠠᠷ ᠬᠡᠷᠡᠮ ᠤᠨ ᠳᠤᠯᠠᠭᠠᠨ ᠬᠠᠳᠠᠭᠠᠯᠠᠬᠤ᠂ ᠡᠭᠦᠳᠡ ᠴᠣᠩᠬᠤ ᠶᠢ ᠰᠣᠯᠢᠬᠤ ᠪᠠ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 12 ᠬᠤᠷᠢᠶᠠᠯᠠᠯ 15 ᠰᠠᠭᠤᠷᠢ ᠠᠰᠠᠷ 7.2 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠦᠨ᠎ᠡ᠃      ︵ᠭᠤᠷᠪᠠ︶  ᠪᠠᠶᠢᠭᠤᠯᠤᠮᠵᠢ ᠲᠣᠭᠲᠠᠴᠠ ᠶᠢᠨ ᠲᠠᠯ᠎ᠠ ᠪᠠᠷ      1. ᠳᠡᠭᠡᠳᠦ ᠱᠠᠲᠤᠨ ᠤ ᠳᠦᠷᠢᠮ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠢᠶᠠᠨ ᠤ ᠢᠯᠴᠢ ᠬᠠᠩᠭᠠᠬᠤ ᠢᠵᠢ ᠪᠦᠷᠢᠳᠦᠭᠦᠯᠬᠦ ᠵᠠᠷᠤᠳᠠᠯ᠂ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢᠨ ᠬᠠᠮᠲᠤ᠂ ᠢᠯᠴᠢ ᠬᠠᠩᠭᠠᠬᠤ ᠢᠨᠵᠧᠨᠧᠷᠢᠩ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠥᠬᠦ ᠶᠠᠪᠤᠴᠠ ᠳᠤ ᠬᠢᠨᠠᠯᠲᠠ ᠲᠠᠯᠪᠢᠨ᠎ᠠ᠃ ︵ᠲᠦᠷᠦᠭᠦᠯᠡᠨ ᠭᠦᠢᠴᠡᠳᠬᠡᠬᠦ ᠨᠢᠭᠡᠴᠢ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠡᠳ᠋ ᠤᠨ ᠵᠠᠰᠠᠭ ᠤᠨ ᠲᠣᠪᠴᠢᠶ᠎ᠠ᠂ ᠪᠠᠢ ᠴᠤᠸᠠᠨ ᠢᠯᠴᠢ ᠶᠢᠨ ᠬᠦᠴᠦᠨ ᠤ ᠺᠣᠮᠫᠠᠨᠢ︶      2. ᠢᠯᠴᠢ ᠬᠠᠩᠭᠠᠬᠤ ︽ᠬᠤᠣᠰ ᠬᠠᠮᠢᠶᠠᠷᠤᠭᠴᠢ︾ ᠶᠢᠨ ᠳᠦᠷᠢᠮ ᠢ ᠲᠡᠭᠦᠯᠳᠡᠷᠵᠢᠭᠦᠯᠵᠦ᠂ ᠬᠤᠷᠢᠶᠠᠯᠠᠯ ᠨᠢᠭᠡᠪᠦᠷᠢ ᠳᠤ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠪᠠ ᠢᠯᠴᠢ ᠬᠠᠩᠭᠠᠬᠤ ᠠᠵᠤ ᠠᠬᠤᠶᠢᠯᠠᠯ ᠤᠨ ᠠᠵᠢᠯᠲᠠᠨ ᠢ ᠲᠣᠬᠢᠷᠠᠭᠤᠯᠤᠨ ᠢᠯᠴᠢ ᠬᠠᠩᠭᠠᠭᠰᠠᠨ ᠵᠠᠭᠠᠯᠳᠤᠯᠭ᠎ᠠ ᠶᠢᠨ ᠬᠠᠷᠢᠭᠤ ᠥᠭᠬᠦ ᠪᠠ ᠠᠰᠠᠭᠤᠳᠠᠯ ᠢ ᠰᠢᠢᠳᠪᠦᠷᠢᠯᠡᠬᠦ ᠶᠢ ᠬᠠᠷᠢᠭᠤᠴᠠᠭᠤᠯᠵᠤ᠂ ︽ᠢᠯᠴᠢ ᠬᠠᠩᠭᠠᠬᠤ ᠬᠠᠮᠢᠶᠠᠷᠤᠭᠴᠢ︾ ᠶᠢᠨ ᠨᠡᠷᠡᠰ ᠪᠠ ᠬᠠᠷᠢᠯᠴᠠᠬᠤ ᠠᠷᠭ᠎ᠠ ᠮᠠᠶ᠋ᠢᠭ ᠢ ᠬᠡᠷᠡᠭᠯᠡᠭᠴᠢᠳ ᠲᠤ ᠨᠡᠶᠢᠲᠡᠯᠡᠨ᠎ᠡ᠃ ︵ᠲᠦᠷᠦᠭᠦᠯᠡᠨ ᠭᠦᠢᠴᠡᠳᠬᠡᠬᠦ ᠨᠢᠭᠡᠴᠢ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠬᠡ ᠡᠷᠭᠢ ᠪᠠᠯᠭᠠᠰᠤ᠂ ᠬᠠᠷᠢᠭᠤᠴᠠᠯᠭᠠᠲᠤ ᠨᠢᠭᠡᠴᠢ᠄ ᠡᠯ᠎ᠡ ᠨᠡᠶᠢᠭᠡᠮ ᠲᠣᠭᠤᠷᠢᠭ᠂ ᠪᠧᠢ ᠯᠢᠶᠠᠨ ᠴᠠᠬᠢᠯᠭᠠᠨ ᠤ ᠺᠣᠮᠫᠠᠨᠢ᠂ ᠪᠡᠶᠡᠯᠡᠭᠦᠯᠬᠦ ᠴᠠᠭ ᠤᠨ ᠬᠢᠵᠠᠭᠠᠷ᠄ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶      3. ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ 1 ᠰᠠᠭᠤᠷᠢ ᠶᠡᠭᠡ ᠴᠢᠳᠠᠮᠵᠢᠲᠤ ᠰᠢᠯᠵᠢᠮᠡᠯ ᠢᠯᠴᠢ ᠡᠭᠦᠰᠬᠡᠭᠴᠢ ᠶᠢ ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠵᠤ ᠢᠯᠴᠢ ᠬᠠᠩᠭᠠᠬᠤ ᠴᠢᠳᠠᠪᠤᠷᠢ ᠶᠢ 40 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠭᠦᠯᠦᠨ᠎ᠡ᠃ ᠢᠯᠴᠢ ᠬᠠᠩᠭᠠᠬᠤ ᠠᠵᠤ ᠠᠬᠤᠶᠢᠯᠠᠯ ᠨᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠬᠦᠭᠡᠷᠦᠮᠵᠢ ᠪᠡᠯᠡᠳᠬᠡᠮᠵᠢ ᠵᠢᠴᠢ ᠡᠳ᠋ ᠪᠣᠳᠠᠰ ᠢ ᠲᠣᠬᠢᠷᠠᠭᠤᠯᠤᠨ᠂ ᠢᠯᠴᠢ ᠬᠠᠩᠭᠠᠬᠤ ᠬᠤᠭᠤᠴᠠᠭᠠᠨ ᠳᠤ 24 ᠴᠠᠭ ᠤᠨ ᠪᠠᠴᠢᠮ ᠪᠠᠶᠢᠳᠠᠯ ᠢ ᠠᠷᠭᠠᠴᠠᠵᠤ ᠠᠵᠢᠯ ᠳᠤ ᠪᠡᠯᠡᠳᠬᠡᠬᠦ ᠶᠢ ᠬᠡᠷᠡᠭᠵᠢᠭᠦᠯᠦᠨ᠎ᠡ᠃ ︵ᠲᠦᠷᠦᠭᠦᠯᠡᠨ ᠭᠦᠢᠴᠡᠳᠬᠡᠬᠦ ᠨᠢᠭᠡᠴᠢ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠢ᠄ ᠪᠠᠢ ᠴᠤᠸᠠᠨ ᠢᠯᠴᠢ ᠶᠢᠨ ᠬᠦᠴᠦᠨ ᠤ ᠺᠣᠮᠫᠠᠨᠢ᠂ ᠪᠧᠢ ᠯᠢᠶᠠᠨ ᠴᠠᠬᠢᠯᠭᠠᠨ ᠤ ᠺᠣᠮᠫᠠᠨᠢ᠂ ᠪᠡᠶᠡᠯᠡᠭᠦᠯᠬᠦ ᠴᠠᠭ ᠤᠨ ᠬᠢᠵᠠᠭᠠᠷ᠄ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠠᠴᠢᠮ ᠪᠠᠶᠢᠳᠠᠯ ᠢ ᠠᠷᠭᠠᠴᠠᠬᠤ ᠰᠢᠯᠵᠢᠮᠡᠯ ᠢᠯᠴᠢ ᠡᠭᠦᠰᠬᠡᠭᠴᠢ ᠶᠢ ᠬᠤᠳᠠᠯᠳᠤᠨ ᠠᠪᠬᠤ ᠶᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠡᠩᠨᠡᠭᠡ ᠤᠷᠳᠤ ᠬᠤᠭᠤᠴᠠᠭ᠎ᠠ ᠪᠠᠷ ᠪᠠᠷᠢᠮᠲᠠᠯᠠᠨ᠎ᠠ︶      4. 900 ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ︵ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︶ ᠥᠭᠡᠷᠡᠴᠢᠯᠡᠯᠲᠡ ᠶᠢᠨ ᠢᠨᠵᠧᠨᠧᠷᠢᠩ ᠢ ᠪᠡᠶᠡᠯᠡᠭᠦᠯᠦᠨ᠎ᠡ᠂ ᠡᠭᠦᠨ ᠳᠤ᠄ ᠰᠢᠨ᠎ᠡ ᠳ᠋ᠦᠩ ᠵᠢᠶᠧ ᠨᠡᠶᠢᠭᠡᠮ ᠲᠣᠭᠤᠷᠢᠭ ᠤᠨ 200 ᠡᠷᠦᠬᠡ ︵ᠰᠢᠶᠠᠨ ᠤ ᠨᠠᠮ ᠤᠨ ᠬᠤᠷᠢᠶ᠎ᠠ ᠶᠢᠨ ᠬᠤᠶᠢᠲᠤ ᠲᠠᠯ᠎ᠠ ᠶᠢᠨ ᠪᠠᠶᠢᠰᠢᠩ ᠭᠡᠷ ᠤᠨ ᠲᠣᠭᠤᠷᠢᠭ︶᠂ ᠶᠠᠩ ᠭᠤᠸᠠᠩ ᠨᠡᠶᠢᠭᠡᠮ ᠲᠣᠭᠤᠷᠢᠭ ᠤᠨ 700 ᠡᠷᠦᠬᠡ ︵ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠷᠠᠭᠤᠨ ᠲᠠᠯ᠎ᠠ ᠶᠢᠨ ᠪᠠᠶᠢᠰᠢᠩ ᠭᠡᠷ ᠤᠨ ᠲᠣᠭᠤᠷᠢᠭ︶ ᠶᠢ ᠥᠭᠡᠷᠡᠴᠢᠯᠡᠨ᠎ᠡ᠃ ᠪᠤᠰᠤᠳ ᠨᠡᠶᠢᠭᠡᠮ ᠲᠣᠭᠤᠷᠢᠭ ᠵᠢᠴᠢ ᠲᠣᠰᠬᠤᠨ ᠨᠤᠭᠤᠳ ᠴᠠᠬᠢᠯᠭᠠᠨ ᠬᠦᠴᠦᠨ ᠤ ᠳᠠᠭᠠᠭᠠᠴᠠ ᠶᠢ ᠭᠥᠯᠢᠶᠡᠨ ᠠᠪᠬᠤ ᠴᠢᠳᠠᠪᠤᠷᠢ ᠪᠣᠯᠣᠨ ᠣᠯᠠᠨ ᠲᠦᠮᠡᠨ ᠤ ᠬᠦᠰᠡᠯ ᠰᠠᠨᠠᠭ᠎ᠠ ᠶᠢ ᠦᠨᠳᠦᠰᠦᠯᠡᠨ ᠮᠡᠳᠡᠭᠦᠯᠬᠦ ᠬᠡᠷᠡᠭᠲᠡᠢ᠃ ᠡᠭᠦᠨ ᠤ ᠬᠠᠮᠲᠤ᠂ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠰᠡᠭᠦᠯᠴᠢ ᠶᠢᠨ ᠬᠤᠭᠤᠴᠠᠭᠠᠨ ᠤ ᠬᠠᠮᠠᠭᠠᠯᠠᠯᠲᠠ ᠶᠢᠨ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠳᠤᠯᠠᠭᠠᠯᠠᠭ᠎ᠠ ᠶᠢᠨ ᠰᠠᠭᠤᠭᠠᠯᠢ ᠡᠷᠦᠬᠡ ᠶᠢᠨ ᠬᠡᠪ ᠤᠨ ᠳᠤᠯᠠᠭᠠᠯᠭ᠎ᠠ ᠶᠢ ᠦᠨᠡᠨᠬᠦ ᠪᠠᠲᠤᠯᠠᠨ᠎ᠠ ︵ᠲᠦᠷᠦᠭᠦᠯᠡᠨ ᠭᠦᠢᠴᠡᠳᠬᠡᠬᠦ ᠨᠢᠭᠡᠴᠢ᠄ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠵᠢᠯᠴᠠᠬᠤ ᠨᠢᠭᠡᠴᠢ᠄ ᠡᠯ᠎ᠡ ᠰᠢᠶᠠᠩ ᠪᠠᠯᠭᠠᠰᠤ᠂ ᠪᠡᠶᠡᠯᠡᠭᠦᠯᠬᠦ ᠴᠠᠭ ᠤᠨ ᠬᠢᠵᠠᠭᠠᠷ᠄ 8 ᠰᠠᠷ᠎ᠠ ᠶᠢᠨ 31 ᠤ ᠡᠳᠦᠷ︶᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号