ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠥᠪᠥᠷ | ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ 2023 ᠣᠨ ᠤ 10 ︱ 12 ᠳ᠋ᠤᠭᠠᠷ ᠰᠠᠷ᠎ᠠ ᠶᠢᠨ | ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ᠂ ᠮᠠᠯᠵᠢᠬᠤ ᠲᠠᠷᠢᠶᠠᠯᠠᠬᠤ | ᠣᠷᠣᠨ ᠤ ᠣᠨᠴᠠ ᠬᠦᠴᠢᠷᠳᠡᠯᠲᠡᠢ ᠬᠥᠮᠥᠰ ᠲᠤ ᠴᠠᠬᠢᠯᠭᠠᠨ ᠤ ᠦᠨ᠎ᠡ ᠶᠢᠨ ᠨᠥᠬᠦᠪᠦᠷᠢ ᠶᠢᠨ ᠪᠡᠯᠡ ᠮᠥᠩᠭᠦ ᠶᠢ | ᠳᠣᠷᠣᠭᠰᠢ ᠪᠠᠭᠤᠯᠭᠠᠬᠤ ᠲᠤᠬᠠᠢ ᠮᠡᠳᠡᠭᠳᠡᠯ︾ ︵ᠦᠪᠦᠷ ᠠᠷᠠᠳ ᠶᠠᠪᠤᠳᠠᠯ ᠠᠯᠪᠠᠨ ᠭᠡᠷ ﹇2024﹈ 2 ᠳ᠋ᠤᠭᠠᠷ | ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ 2023 ᠣᠨ ᠤ ᠳᠥᠷᠪᠡᠳᠦᠭᠡᠷ | ᠤᠯᠠᠷᠢᠯ ᠤᠨ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠥᠳᠡᠭᠡ ᠲᠣᠰᠬᠤᠨ ᠤ | ᠣᠨᠴᠠ ᠬᠦᠴᠢᠷᠳᠡᠯᠲᠡᠢ ᠠᠰᠠᠷᠠᠨ ᠲᠡᠵᠢᠭᠡᠭᠳᠡᠬᠦ ᠡᠲᠡᠭᠡᠳ ᠤᠨ ᠴᠠᠬᠢᠯᠭᠠᠨ ᠤ ᠦᠨ᠎ᠡ ᠶᠢᠨ ᠨᠥᠬᠦᠪᠦᠷᠢ ᠶᠢᠨ ᠪᠡᠯᠡ | ᠮᠥᠩᠭᠦ ᠶᠢ ᠲᠠᠨᠠᠷ ᠲᠤ ᠪᠠᠭᠤᠯᠭᠠᠨ ᠥᠭᠭᠦᠶ᠎ᠡ᠂ 2024 ᠣᠨ ᠤ 2 ᠳ᠋ᠤᠭᠠᠷ ᠰᠠᠷ᠎ᠠ ᠶᠢᠨ ᠡᠷᠦᠬᠡ ᠶᠢᠨ ᠲᠤᠭ᠎ᠠ ᠪᠠᠷ | ᠪᠠᠷᠢᠮᠵᠢᠶ᠎ᠠ ᠪᠣᠯᠭᠠᠵᠤ᠂ ︵2024 ᠣᠨ ᠤ 1᠂ 2 ᠳ᠋ᠤᠭᠠᠷ ᠰᠠᠷ᠎ᠠ ᠶᠢᠨ ᠰᠢᠨ᠎ᠡ ᠪᠠᠷ ᠨᠡᠮᠡᠭᠳᠡᠭᠰᠡᠨ ᠡᠷᠦᠬᠡ ᠶᠢᠨ | ᠲᠤᠭ᠎ᠠ ᠶᠢ ᠬᠠᠰᠤᠪᠠ︶ ᠨᠡᠶᠢᠲᠡ 18189 ᠡᠷᠦᠬᠡ ᠪᠣᠶ᠃ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢ 394 ᠡᠷᠦᠬᠡ ᠳᠤ ᠬᠦᠷᠭᠡᠵᠦ᠂ ᠡᠷᠦᠬᠡ ᠪᠦᠷᠢ ᠳᠤ 18.63 ᠲᠥᠭᠦᠷᠢᠭ᠂ 7340.22 | ᠲᠥᠭᠦᠷᠢᠭ ᠣᠯᠭᠤᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ 16485 | ᠡᠷᠦᠬᠡ ᠳᠤ ᠬᠦᠷᠭᠡᠵᠦ᠂ ᠡᠷᠦᠬᠡ ᠪᠦᠷᠢ ᠳᠤ 18.63 ᠲᠥᠭᠦᠷᠢᠭ᠂ 307115.55 ᠲᠥᠭᠦᠷᠢᠭ ᠣᠯᠭᠤᠨ᠎ᠠ᠃ | ᠬᠥᠳᠡᠭᠡ ᠲᠣᠰᠬᠤᠨ ᠤ ᠲᠠᠪᠤᠨ ᠪᠠᠲᠤᠯᠠᠭᠠᠲᠤ 1310 ᠡᠷᠦᠬᠡ᠂ 24445.68 ᠲᠥᠭᠦᠷᠢᠭ ︵ᠦᠴᠦᠸᠠᠨ ᠰᠢᠶᠠᠨ ᠤ | ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠡᠷᠦᠬᠡ ᠪᠦᠷᠢ ᠳᠤ 19.02 ᠲᠥᠭᠦᠷᠢᠭ᠂ ᠠᠰ | ᠲᠤᠨᠢ 0.99 ᠲᠥᠭᠦᠷᠢᠭ ᠨᠡᠮᠡᠨ᠎ᠡ︶᠂ ᠨᠡᠶᠢᠳᠡ 338901.45 ᠲᠥᠭᠦᠷᠢᠭ ᠪᠣᠯᠣᠨ᠎ᠠ᠃ ᠲᠠ ᠨᠠᠷ ᠮᠡᠳᠡᠭᠳᠡᠯ ᠢ | ᠣᠯᠣᠭᠰᠠᠨ ᠤ ᠳᠠᠷᠠᠭ᠎ᠠ᠂ ᠪᠦᠷᠢᠨ ᠴᠢᠳᠠᠮᠵᠢᠲᠤ ᠺᠠᠷᠲ ᠶᠢᠨ ᠲᠠᠷᠬᠠᠭᠠᠬᠤ ᠬᠡᠯᠪᠡᠷᠢ ᠪᠠᠷ ᠡᠨᠡᠬᠦ ᠵᠣᠭᠤᠰ ᠢ ᠠᠯᠢ | ᠲᠦᠷᠭᠡᠨ ᠢᠶᠠᠷ ᠪᠣᠳᠠᠲᠠᠢ ᠣᠯᠭᠤᠬᠤ ᠬᠡᠷᠡᠭᠲᠡᠢ᠂ ᠰᠠᠭᠤᠳᠬᠠᠨ ᠠᠪᠴᠤ᠂ ᠰᠢᠬᠠᠨ ᠡᠵᠡᠯᠡᠵᠦ᠂ ᠨᠡᠭᠦᠯᠭᠡᠨ ᠬᠡᠷᠡᠭᠯᠡᠵᠦ | ᠪᠣᠯᠬᠤ ᠦᠭᠡᠢ᠃ | | | | | ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | 2024 ᠣᠨ ᠤ 2 ᠰᠠᠷ᠎ᠠ ᠶᠢᠨ 1 ᠤ ᠡᠳᠦᠷ | | |