5106 ᠺᠢᠯᠣᠮᠧᠲᠷ ᠤᠨ ᠬᠥᠳᠡᠭᠡ ᠲᠣᠰᠬᠤᠨ ᠤ ︽ᠵᠢᠷᠭᠠᠯ ᠤᠨ ᠵᠠᠮ︾ ᠳᠡᠪᠢᠰᠦᠭᠳᠡᠯ᠎ᠡ
ᠨᠡᠶᠢᠲᠡᠯᠡᠭᠰᠡᠨ ᠴᠠᠭ᠄
2024/2/22
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ 6577 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠡᠬᠢᠯᠡᠨ ᠪᠠᠶᠢᠭᠤᠯᠵᠤ᠂ 5106 ᠺᠢᠯᠣᠮᠧᠲᠷ ᠤᠨ ᠪᠠᠷᠢᠯᠭ᠎ᠠ ᠶᠢᠨ ᠠᠵᠢᠯ ᠢ ᠳᠠᠭᠤᠰᠬᠠᠪᠠ᠃ ᠬᠥᠳᠡᠭᠡ ᠲᠣᠰᠬᠤᠨ ᠤ ᠵᠠᠮ ᠬᠠᠷᠢᠯᠴᠠᠭ᠎ᠠ ᠶᠢ ᠰᠠᠭᠠᠳ ᠦᠭᠡᠢ ᠨᠡᠪᠲᠡᠷᠡᠭᠦᠯᠦᠨ ᠬᠤᠯᠪᠣᠯᠳᠤᠭᠤᠯᠤᠭᠰᠠᠨ ᠨᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      2023 ᠣᠨ ᠳᠤ ᠮᠠᠨ ᠤ ᠣᠷᠣᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠣᠨᠴᠠᠯᠢᠭ ᠲᠤ ᠴᠢᠭᠯᠡᠭᠦᠯᠦᠨ᠂ ᠭᠤᠣᠯ ᠪᠤᠯᠬᠤ ᠲᠠᠷᠢᠶᠠᠯᠠᠩ ᠮᠠᠯ ᠠᠵᠤ ᠠᠬᠤᠢ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠵᠤ ᠦᠢᠯᠡᠳᠪᠦᠷᠢ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠵᠠᠩᠭᠢᠯᠠᠭ᠎ᠠ ᠶᠢᠨ ᠴᠡᠭ ᠢ ᠬᠤᠯᠪᠣᠬᠤ ᠶᠢ ᠲᠥᠷᠥᠯ ᠬᠤᠪᠢᠶᠠᠨ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠬᠢᠭᠡᠳ ᠬᠥᠳᠡᠭᠡ ᠲᠣᠰᠬᠤᠨ ᠤ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠤᠮᠤ ᠰᠢᠶᠠᠩ ᠪᠠᠯᠭᠠᠰᠤ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠠᠪᠲᠠᠷᠡᠭᠦᠯᠵᠦ᠂ ᠨᠡᠯᠢᠶᠡᠳ ᠤᠯᠠᠨ ᠬᠥᠮᠥᠨ ᠠᠮᠠ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠦᠭᠰᠡᠨ ᠬᠠᠷᠢᠴᠠᠯ ᠢ ᠲᠣᠰ ᠲᠣᠰ 94.9%᠂ 87.7% ᠳᠤ ᠬᠦᠷᠭᠡᠪᠡ᠃ ᠬᠥᠳᠡᠭᠡ ᠲᠣᠰᠬᠤᠨ ᠤ ᠵᠠᠰᠠᠮᠠᠯ ᠵᠠᠮ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠠᠷᠠᠴᠢᠯᠠᠬᠤ ᠲᠣᠭᠲᠠᠴᠠ ᠶᠢ ᠪᠠᠶᠢᠭᠤᠯᠵᠤ᠂ ᠪᠦᠭᠦ ᠣᠷᠣᠨ ᠤ 96 ᠨᠥᠬᠦᠴᠡᠯ ᠪᠦᠷᠢᠳᠦᠭᠰᠡᠨ ᠬᠤᠰᠢᠭᠤ ᠰᠢᠶᠠᠨ ︵ᠬᠤᠲᠠ ᠲᠣᠭᠤᠷᠢᠭ︶ ᠳᠤ ᠴᠥᠮ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠡᠯ᠎ᠡ ᠱᠠᠲᠤᠨ ᠤ ᠵᠠᠮ ᠤᠨ ᠳᠠᠷᠤᠭ᠎ᠠ ᠶᠢ 11978 ᠬᠥᠮᠥᠨ ᠲᠣᠬᠢᠷᠠᠭᠤᠯᠤᠨ᠂ 11498 ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠨ ᠠᠷᠠᠴᠢᠯᠠᠬᠤ ᠪᠠᠶᠢᠭᠤᠯᠤᠮᠵᠢ ᠶᠢ ᠲᠣᠬᠢᠷᠠᠭᠤᠯᠪᠠ᠃ 2023 ᠣᠨ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠥᠬᠦᠪᠦᠷᠢ ᠪᠡᠯᠡ ᠮᠥᠩᠭᠦ ᠶᠢ 19.4 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠦᠭᠦ ᠵᠢᠯ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 10854 ᠺᠢᠯᠣᠮᠧᠲᠷ ᠪᠡᠶᠡᠯᠡᠭᠦᠯᠵᠦ᠂ 215 ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ 1143 ᠺᠢᠯᠣᠮᠧᠲᠷ ᠪᠡᠶᠡᠯᠡᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠪᠠᠶᠢᠳᠠᠯ ᠤᠨ ᠬᠢᠷᠢ ᠬᠡᠮᠵᠢᠶ᠎ᠡ ᠪᠣᠯᠣᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃      2023 ᠣᠨ ᠳᠤ ᠴᠢᠩ ᠱᠦᠢ ᠾᠧ ᠰᠢᠶᠠᠨ᠂ ᠠᠤᠬᠠᠨ ᠬᠤᠰᠢᠭᠤ᠂ ᠶᠤᠸᠠᠨ ᠪᠦᠦ ᠱᠠᠨ ᠲᠣᠭᠤᠷᠢᠭ᠂ ᠣᠲᠤᠭ ᠬᠤᠰᠢᠭᠤ᠂ ᠣᠲᠤᠭ ᠤᠨ ᠡᠮᠦᠨᠡᠲᠦ ᠬᠤᠰᠢᠭᠤ ᠵᠡᠷᠭᠡ 5 ᠬᠤᠰᠢᠭᠤ ᠰᠢᠶᠠᠨ ᠲᠣᠭᠤᠷᠢᠭ ᠪᠦᠭᠦ ᠤᠯᠤᠰ ᠤᠨ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠵᠢᠱᠢᠶ᠎ᠡ ᠦᠵᠡᠭᠦᠯᠭᠦ ᠰᠢᠶᠠᠨ ᠢ ᠦᠨᠡᠯᠡᠨ ᠵᠢᠱᠢᠬᠦ ᠳᠤ ᠬᠢᠷᠢ ᠲᠡᠩᠴᠡᠪᠡ᠃ ᠣᠳᠣᠬᠠᠨ ᠳᠤ ᠪᠦᠭᠦ ᠣᠷᠣᠨ ᠳᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾ ᠤᠨ ᠤᠯᠤᠰ ᠤᠨ ᠲᠠᠰ ᠤᠨ ᠵᠢᠱᠢᠶ᠎ᠡ ᠦᠵᠡᠭᠦᠯᠭᠦ ᠰᠢᠶᠠᠨ 17᠂ ᠤᠯᠤᠰ ᠤᠨ ᠲᠠᠰ ᠤᠨ ᠬᠤᠲᠠ ᠶᠢᠨ ᠬᠡᠪᠴᠢᠶᠡᠨ ᠳᠠᠬᠢ ᠲᠣᠪᠣᠶᠢᠮ᠎ᠠ ᠨᠢᠭᠡᠴᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠭᠦ ᠬᠤᠰᠢᠭᠤ ᠰᠢᠶᠠᠨ 38᠂ ᠬᠤᠲᠠ ᠶᠢᠨ ᠬᠡᠪᠴᠢᠶᠡᠨ ᠳᠠᠬᠢ ᠲᠣᠪᠣᠶᠢᠮ᠎ᠠ ᠨᠢᠭᠡᠴᠢ 3 ᠶᠢ ᠡᠭᠦᠳᠦᠨ ᠪᠠᠶᠢᠭᠤᠯᠪᠠ᠃ 2023 ᠣᠨ ᠳᠤ ᠤᠳᠤᠭ ᠤᠨ ᠡᠮᠦᠨᠡᠲᠦ ᠬᠤᠰᠢᠭᠤᠨ ᠤ ᠨᠠᠩᠰᠤ ᠠᠴᠠ ᠪᠣᠷᠤᠪᠠᠯᠭᠠᠰᠤ ᠬᠦᠷᠬᠦ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠵᠠᠰᠠᠮᠠᠯ ᠵᠠᠮ ᠪᠦᠭᠦ ᠤᠯᠤᠰ ᠤᠨ ︽ᠮᠠᠨ ᠤ ᠭᠡᠷ ᠤᠨ ᠡᠭᠦᠳᠡᠨ ᠳᠠᠬᠢ ᠵᠠᠮ ︱ ᠬᠥᠮᠥᠰ ᠤᠨ ᠬᠦᠷᠢᠶᠡᠯᠡᠯ ᠢ ᠣᠯᠣᠭᠰᠠᠨ ᠵᠠᠮ︾ ᠢᠶᠠᠷ ᠦᠨᠡᠯᠡᠭᠳᠡᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号