ᠰᠢᠨ᠎ᠡ ᠵᠢᠯ ᠤᠨ ᠠᠩᠬᠠᠨ ᠤ ᠬᠤᠷᠠᠯ︾ ᠡᠳᠡᠭᠡᠷ ᠤᠴᠢᠷ ᠲᠤ ᠠᠩᠬᠠᠷᠤᠯ ᠲᠥᠪᠯᠡᠷᠡᠭᠦᠯᠵᠡᠢ
ᠨᠡᠶᠢᠲᠡᠯᠡᠭᠰᠡᠨ ᠴᠠᠭ᠄
2024/2/22
     2 ᠰᠠᠷ᠎ᠠ ᠶᠢᠨ 21 ᠤ ᠡᠳᠦᠷ᠂ 2024 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠪᠠ᠃ ᠡᠨᠡ ᠤᠳᠠᠭ᠎ᠠ ᠶᠢᠨ ᠠᠷᠠᠯᠵᠢᠶᠠᠴᠢᠨ ᠤᠷᠢᠵᠤ ᠬᠥᠭᠵᠢᠯᠲᠡ ᠶᠢ ᠡᠷᠢᠯᠬᠢᠯᠡᠬᠦ᠂ ᠨᠡᠶᠢᠲᠡᠯᠢᠭ ᠵᠢᠱᠢᠶ᠎ᠡ ᠶᠢ ᠪᠤᠢ ᠪᠤᠯᠭᠠᠵᠤ ᠢᠲᠡᠭᠡᠯ ᠵᠣᠷᠢᠭ ᠢ ᠪᠠᠲᠤᠳᠬᠠᠬᠤ ︽ᠰᠢᠨ᠎ᠡ ᠵᠢᠯ ᠤᠨ ᠠᠩᠬᠠᠨ ᠤ ᠬᠤᠷᠠᠯ︾ ᠨᠢ ᠬᠥᠭᠵᠢᠯᠲᠡ ᠶᠢ ᠲᠦᠷᠭᠡᠳᠬᠡᠨ ᠬᠥᠭᠵᠢᠯᠲᠡ ᠶᠢ ᠶᠡᠭᠡ ᠪᠠᠷ ᠠᠳᠬᠤᠬᠤ ᠠᠭᠤᠷ ᠠᠮᠢᠰᠬᠤᠯ ᠢ ᠪᠤᠢ ᠪᠤᠯᠭᠠᠵᠤ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ᠂ ᠬᠦᠴᠦ ᠪᠠᠨ ᠲᠥᠪᠯᠡᠷᠡᠭᠦᠯᠦᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠨᠡᠩ ᠤᠯᠠᠨ ᠬᠥᠮᠥᠰ ᠤᠨ ᠬᠦᠷᠢᠶᠡᠯᠡᠯ᠂ ᠬᠤᠳᠠᠯᠳᠤᠭᠠᠨ ᠤ ᠬᠦᠴᠦᠨ᠂ ᠡᠳ᠋ ᠤᠨ ᠵᠠᠰᠠᠭ ᠤᠨ ᠬᠦᠴᠦᠨ ᠢ ᠥᠪᠥᠷ ᠮᠣᠩᠭᠤᠯ ᠳᠤ ᠬᠤᠷᠠᠮᠳᠤᠭᠤᠯᠬᠤ ᠳᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ ᠢ ᠨᠡᠶᠢᠲᠡ  3956 ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ᠂ ᠪᠦᠭᠦ ᠵᠢᠯ ᠤᠨ 3900 ᠳ᠋ᠦᠩᠰᠢᠭᠤᠷ ᠲᠥᠭᠦᠷᠢᠭ ᠤᠨ ᠬᠠᠷᠠᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ 1369 ᠳ᠋ᠦᠩᠰᠢᠭᠤᠷ ᠲᠥᠭᠦᠷᠢᠭ ᠤᠨ ᠨᠡᠮᠡᠭᠳᠡᠯ ᠤᠨ ᠬᠡᠮᠵᠢᠶ᠎ᠡ ᠶᠢ ᠪᠤᠶ ᠪᠤᠯᠭᠠᠪᠠ᠃ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠡᠯᠡ ᠮᠥᠩᠭᠦ  ᠨᠢ  ᠥᠨᠳᠥᠷ ᠰᠠᠭᠤᠷᠢ ᠲᠤᠭ᠎ᠠ ᠶᠢᠨ ᠨᠡᠮᠡᠭᠳᠡᠯ ᠢ ᠢᠮᠠᠭᠲᠠ ᠪᠠᠲᠤᠯᠠᠵᠤ᠂ ᠪᠦᠭᠦ ᠵᠢᠯ ᠳᠤ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢᠨ ᠨᠡᠮᠡᠭᠳᠡᠯ ᠤᠨ ᠬᠤᠷᠳᠤᠴᠠ 40.2% ᠪᠤᠯᠪᠠ᠃ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠡᠬᠢᠯᠡᠭᠰᠡᠨ ᠨᠣᠷᠮ᠎ᠠ 50.8%᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠠᠵᠢᠯ ᠳᠠᠭᠤᠰᠬᠠᠭᠰᠠᠨ ᠨᠣᠷᠮ᠎ᠠ 20.6%᠂ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠨᠣᠷᠮ᠎ᠠ 34.4% ᠬᠦᠷᠴᠡᠢ᠃ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠬᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠲᠠᠯ᠎ᠠ ᠳᠠᠬᠢ ᠴᠢᠬᠤᠯᠠ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃      ᠬᠤᠷᠠᠯ ᠳᠡᠭᠡᠷ᠎ᠡ᠂ ︽2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠵᠢᠯ ᠤᠨ ᠠᠮᠵᠢᠯᠲᠠ ᠪᠦᠲᠦᠮᠵᠢ ᠪᠠᠷ ᠰᠢᠯᠭᠠᠨ ᠬᠢᠨᠠᠯᠲᠠ ᠳᠤ ᠰᠢᠯᠭᠠᠷᠠᠭᠰᠠᠨ ᠲᠡᠷᠢᠭᠦᠨ ᠤ ᠠᠶᠢᠮᠠᠭ ᠬᠤᠲᠠ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ ᠲᠡᠷᠢᠭᠦᠨ ᠤ ᠬᠤᠪᠢ ᠬᠥᠮᠥᠨ ᠢ ᠱᠠᠩᠨᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠤᠩᠰᠢᠨ ᠨᠡᠶᠢᠲᠡᠯᠡᠵᠦ᠂ ᠱᠠᠩᠨᠠᠯ ᠣᠯᠣᠭᠰᠠᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ; ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ᠂ ᠡᠭᠦᠷᠭᠡ ᠶᠢᠨ ᠨᠠᠷᠢᠨ ᠬᠠᠭᠤᠳᠠᠰᠤ ᠵᠢᠴᠢ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃      ᠰᠠᠯᠬᠢᠨ ᠤ ᠡᠷᠴᠢ ᠴᠢᠩᠭᠠᠷᠠᠨ ᠳᠠᠷᠪᠠᠭᠤᠯ ᠥᠨᠳᠥᠷ ᠲᠤ ᠬᠡᠶᠢᠰᠴᠦ᠂ ᠥᠪᠥᠷ ᠮᠣᠩᠭᠤᠯ ᠨᠢᠭᠡᠨᠲᠡ ᠵᠣᠷᠢᠭ ᠰᠠᠨᠠᠭ᠎ᠠ᠂ ᠡᠷᠴᠢ ᠵᠣᠷᠢᠭ ᠢᠶᠠᠨ ᠬᠥᠪᠴᠢᠯᠡᠵᠦ ᠰᠢᠨ᠎ᠡ ᠲᠡᠮᠡᠴᠡᠬᠦ ᠬᠠᠷᠠᠯᠲᠠ ᠲᠡᠶᠢᠰᠢ ᠮᠣᠷᠳᠠᠯ᠎ᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号