ᠮᠠᠨ ᠤ ᠣᠷᠣᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/2/22
     ᠴᠠᠭᠠᠨ ᠰᠠᠷ᠎ᠠ ᠶᠢᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ ᠦᠷᠭᠦᠯᠵᠢᠯᠡᠨ ᠬᠦᠴᠦᠯᠡᠵᠦ᠂ ᠠᠶᠤᠯᠲᠠᠢ ᠬᠢᠮᠢ ᠶᠢᠨ ᠪᠣᠳᠠᠰ ᠪᠣᠯᠣᠨ ᠬᠤᠸᠠᠷ ᠫᠤᠤᠵᠢᠩ ᠤᠨ ᠬᠦᠷᠢᠶᠡᠨ ᠤ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂  ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠠᠢ᠃      ᠴᠠᠭᠠᠨ ᠰᠠᠷ᠎ᠠ ᠠᠴᠠ ᠡᠮᠦᠨᠡᠬᠡᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠱᠠᠯᠠᠪᠳᠠᠨ ᠵᠢᠯᠤᠭᠤᠳᠬᠤ ᠳᠤᠭᠤᠶᠢᠯᠠᠩ ᠲᠣᠮᠢᠯᠠᠨ ᠤᠷᠢᠳ ᠬᠤᠵᠢᠳ 4 ᠤᠳᠠᠭ᠎ᠠ ᠡᠯ᠎ᠡ ᠠᠶᠢᠮᠠᠭ ᠬᠤᠲᠠ ᠳᠤ ᠬᠦᠷᠴᠦ ᠱᠠᠯᠠᠪᠳᠠᠨ ᠵᠢᠯᠤᠭᠤᠳᠴᠤ ᠪᠠᠶᠢᠴᠠᠭᠠᠬᠤ ᠶᠢᠨ ᠵᠡᠷᠭᠡ ᠪᠠᠷ ᠡᠯ᠎ᠡ ᠠᠵᠤ ᠠᠬᠤᠶᠢᠯᠠᠯ ᠤᠨ ᠨᠢᠳᠤᠨᠤᠨ ᠤ ᠡᠯ᠎ᠡ ᠲᠥᠷᠥᠯ ᠤᠨ ᠲᠤᠰᠬᠠᠢ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠪᠠ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠳᠤ ︽ᠡᠷᠭᠢᠨ ᠬᠠᠷᠠᠬᠤ︾ ᠠᠵᠢᠯ ᠬᠢᠵᠦ᠂ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠡᠵᠡᠮᠳᠡᠪᠡ᠃ ᠬᠤᠪᠢᠳᠠᠨ ᠬᠠᠮᠢᠶᠠᠷᠴᠤ ᠪᠠᠶᠢᠭ᠎ᠠ ᠲᠢᠩᠬᠢᠮ ᠤᠨ ᠳᠠᠷᠤᠭ᠎ᠠ ᠪᠦᠯᠭᠦᠮ ᠳᠠᠭᠠᠭᠤᠯᠵᠤ᠂ ᠦᠬᠠᠢ ᠬᠤᠳᠠ᠂ ᠠᠯᠠᠱᠠ ᠠᠶᠢᠮᠠᠭ ᠵᠡᠷᠭᠡ ᠠᠶᠢᠮᠠᠭ ᠬᠤᠳᠠ ᠳᠤ ᠬᠦᠷᠴᠦ᠂  ᠰᠡᠷᠡᠮᠵᠢᠯᠡᠭᠦᠯᠭᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠪᠥᠭᠡᠳ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ ᠤᠨ ᠠᠵᠢᠯ ᠲᠦᠷᠦᠯ ᠤᠨ ᠨᠡᠶᠢᠳᠡ 11 ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠲᠠᠯᠠᠪᠠᠢ ᠳᠤ ᠬᠢᠨᠠᠨ ᠵᠢᠯᠤᠭᠤᠳᠴᠤ ᠪᠠᠶᠢᠴᠠᠭᠠᠪᠠ᠃ ︽2024 ᠣᠨ ᠤ ᠲᠦᠷᠦᠭᠦᠤ ᠤᠯᠠᠷᠢᠯ ᠤᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠲᠤᠬᠠᠢ ᠪᠠᠴᠢᠮ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠢ ᠵᠣᠬᠢᠶᠠᠨ ᠪᠠᠶᠢᠭᠤᠯᠵᠤ ᠪᠠᠶᠠᠷ ᠤᠨ ᠡᠳᠦᠷ ᠠᠴᠠ ᠡᠮᠦᠨᠡᠬᠢ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠣᠷᠣᠨ ᠪᠠᠶᠢᠷᠢ᠂ ᠵᠠᠩᠭᠢᠯᠠᠭ᠎ᠠ ᠶᠢᠨ ᠲᠠᠯ᠎ᠠ ᠶᠢᠨ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ᠂ ᠠᠳᠡᠯ ᠤᠨ ᠰᠡᠷᠡᠮᠵᠢᠯᠡᠭᠦᠯᠭᠦ ᠬᠥᠮᠦᠵᠢᠯ ᠤᠨ ᠲᠤᠰᠬᠠᠢ ᠬᠢᠨᠠᠨ ᠵᠢᠯᠤᠭᠤᠳᠬᠤ ᠪᠠ ᠬᠠᠤᠯᠢ ᠪᠤᠰᠤ ᠪᠠ ᠬᠠᠤᠯᠢ ᠠᠴᠠ  ᠵᠥᠷᠢᠴᠡᠭᠰᠡᠨ ᠵᠢᠵᠢᠭ ᠬᠢᠮᠢ ᠶᠢᠨ ᠠᠵᠤ ᠦᠢᠯᠡᠳᠪᠦᠷᠢ᠂ ᠬᠤᠸᠠᠷ ᠫᠤᠤᠵᠢᠩ ᠦᠢᠯᠡᠳᠪᠦᠷᠢᠯᠡᠬᠦ ᠬᠠᠷ᠎ᠠ ᠡᠭᠦᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ ᠪᠠᠶᠢᠷᠢᠯᠠᠭᠤᠯᠪᠠ᠃      ᠡᠭᠦᠨ ᠤ ᠬᠠᠮᠲᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠭᠦᠢᠴᠡᠳ ᠠᠰᠢᠭᠯᠠᠨ ᠰᠦᠯᠵᠢᠶᠡᠨ ᠳᠡᠭᠡᠷᠡᠬᠢ ᠪᠠᠶᠢᠴᠠᠭᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠠᠢ᠃ ᠴᠠᠭᠠᠨ ᠰᠠᠷ᠎ᠠ ᠶᠢᠨ ᠬᠤᠭᠤᠴᠠᠭᠠᠨ ᠳᠤ ᠪᠦᠭᠦ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠦᠭᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号