ᠮᠠᠨ ᠤ ᠣᠷᠣᠨ ᠤ 16 ᠭᠠᠵᠠᠷ ᠣᠷᠣᠨ ᠪᠠ ᠨᠢᠭᠡᠴᠢ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/2/22
     ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠦᠷᠦᠭᠦᠬᠡᠨ ︽ᠠᠷᠪᠠᠨ ᠨᠢᠭᠡᠳᠦᠭᠡᠷ ᠪᠦᠯᠦᠭ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢ ᠨᠡᠷᠡᠶᠢᠳᠬᠦ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠪᠠ᠂ ᠮᠠᠨ ᠤ ᠣᠷᠣᠨ ᠤ 16 ᠭᠠᠵᠠᠷ ᠣᠷᠣᠨ ᠪᠠ ᠨᠢᠭᠡᠴᠢ ᠨᠡᠷᠡᠰ ᠤᠨ ᠵᠢᠭᠰᠠᠭᠠᠯᠲᠠ ᠳᠤ ᠲᠣᠳᠣᠷᠠᠪᠠ᠃       ᠬᠥᠯᠥᠨ ᠪᠤᠶᠢᠷ ᠬᠤᠲᠠ ᠪᠣᠯ 2018 ᠣᠨ ᠳᠤ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠬᠤᠲᠠ ᠶᠢ ᠡᠭᠦᠳᠦᠨ ᠪᠠᠶᠢᠭᠤᠯᠤᠭᠰᠠᠨ ᠤ ᠳᠠᠷᠠᠭ᠎ᠠ 5 ᠵᠢᠯ ᠪᠠᠬᠢᠵᠢᠭᠦᠯᠦᠨ ᠳᠡᠭᠡᠭᠰᠢᠯᠡᠭᠦᠯᠦᠭᠡᠳ ᠳᠠᠬᠢᠨᠲᠠ ᠡᠨᠡ ᠬᠦ ᠢᠷᠠᠭᠤ ᠠᠯᠳᠠᠷ ᠢ ᠭᠦᠷᠳᠡᠵᠠᠢ; ᠪᠤᠭᠤᠲᠤ ᠬᠤᠲᠠ᠂ ᠤᠯᠠᠭᠠᠨᠬᠠᠳᠠ ᠬᠤᠲᠠ ᠣᠷᠣᠨ ᠪᠦᠰᠡ ᠶᠢᠨ ᠣᠨᠴᠠᠯᠢᠭ ᠲᠠᠢ ᠡᠭᠦᠳᠦᠨ ᠪᠠᠶᠢᠭᠤᠯᠬᠤ ᠠᠵᠢᠯ ᠤᠨ ᠵᠠᠭᠪᠤᠷ ᠪᠠ ᠦᠷ᠎ᠡ ᠪᠦᠲᠦᠮᠵᠢ ᠪᠠᠷ ᠢᠶᠠᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠬᠤᠲᠠ ᠪᠠᠷ ᠦᠨᠡᠯᠡᠭᠳᠡᠪᠡ; ᠲᠦᠮᠡᠳ ᠵᠡᠭᠦᠨ ᠬᠤᠰᠢᠭᠤ᠂ ᠴᠢᠩᠱᠠᠨ ᠲᠣᠭᠤᠷᠢᠭ᠂ ᠠᠤᠬᠠᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠷᠠᠳ ᠤᠨ ᠳᠤᠮᠳᠠᠳᠤ ᠬᠤᠰᠢᠭᠤ ᠵᠢᠴᠢ  ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ ᠪᠣᠯᠣᠨ ᠬᠦᠷᠢᠶ᠎ᠡ ᠬᠤᠰᠢᠭᠤ᠂ ︽ᠨᠢᠭᠡ ᠰᠢᠶᠠᠨ ᠨᠢᠭᠡ ᠣᠨᠴᠠᠯᠢᠭ ᠲᠠᠢ᠂ ᠨᠢᠭᠡ ᠲᠣᠭᠤᠷᠢᠭ ᠨᠢᠭᠡ ᠨᠠᠷᠠᠲᠤ ᠲᠡᠮᠳᠡᠭ︾ ᠢ ᠡᠭᠦᠳᠦᠨ ᠪᠠᠶᠢᠭᠤᠯᠬᠤ ᠠᠵᠢᠯ ᠤᠨ ᠰᠡᠳᠬᠢᠴᠡ ᠪᠠ ᠠᠷᠭ᠎ᠠ ᠬᠡᠮᠵᠢᠶ᠎ᠡ ᠪᠠᠷ ᠢᠶᠠᠨ ᠲᠣᠰ ᠤᠳᠠᠭᠠᠨ ᠤ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠰᠢᠯᠭᠠᠷᠠᠭᠤᠯᠤᠯᠲᠠ ᠳᠤ ᠠᠮᠵᠢᠯᠲᠠ ᠲᠠᠢ ᠰᠣᠩᠭᠤᠬᠳᠠᠪᠠ; ᠴᠢᠩ ᠱᠦᠢ ᠾᠧ ᠰᠢᠶᠠᠨ ᠤ ᠴᠢᠳ᠋ᠸᠡᠭ ᠤᠨ ᠭᠤᠤ ᠲᠣᠰᠬᠤᠨ᠂ ᠤᠯᠠᠭᠠᠨᠴᠠᠪ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠠᠯᠪᠤᠷᠢ ᠠᠩᠭᠢ᠂ ᠣᠷᠳᠣᠰ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠡᠵᠡᠨ ᠬᠤᠷᠤᠭ᠎ᠠ ᠰᠤᠷᠭᠠᠭᠤᠯᠢ ᠶᠢᠨ ᠲᠣᠭᠤᠷᠢᠭ᠂ ᠥᠪᠥᠷ ᠮᠣᠩᠭᠤᠯ ᠤᠨ ᠴᠠᠭᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠺᠤᠮᠫᠠᠨᠢ ᠶᠢᠨ ᠪᠠᠶᠠᠨᠨᠠᠭᠤᠷ ᠤᠨ ᠴᠠᠭᠢᠯᠭᠠᠨ ᠬᠠᠩᠭᠠᠬᠤ ᠬᠤᠪᠢᠶᠠᠷᠢ ᠺᠤᠮᠫᠠᠨᠢ ᠨᠢ ᠦᠨᠳᠦᠰᠦᠨ ᠱᠠᠲᠤᠨ ᠤ ᠵᠢᠱᠢᠶ᠎ᠡ ᠦᠵᠡᠭᠦᠯᠭᠦ ᠨᠢᠭᠡᠴᠢ ᠶᠢᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠥᠪᠡᠷᠮᠢᠴᠡ ᠣᠨᠴᠠᠯᠢᠭ ᠪᠠ ᠲᠥᠷᠥᠯ ᠲᠡᠮᠳᠡᠭᠴᠢᠯᠡᠭᠰᠡᠨ ᠡᠭᠦᠳᠦᠨ ᠪᠠᠶᠢᠭᠤᠯᠬᠤ ᠠᠷᠭ᠎ᠠ ᠪᠠᠷ ᠢᠶᠠᠨ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ︽ᠨᠠᠢᠮᠠ ᠪᠠᠷ ᠳᠠᠪᠰᠢᠬᠤ︾ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠭᠰᠡᠨ ᠢᠶᠠᠷ ᠳᠤᠰ ᠢᠷᠠᠭᠤ ᠠᠯᠳᠠᠷ ᠢ ᠬᠦᠷᠲᠡᠵᠡᠢ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ ᠥᠷᠲᠡᠭᠡ ᠶᠢᠨ ᠬᠥᠯᠥᠨ ᠪᠤᠶᠢᠷ ᠤᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠦᠢᠯᠡᠳᠦᠯᠭᠡ ᠶᠢᠨ ᠲᠥᠪ ᠨᠢ ᠲᠥᠪ ᠤᠨ ᠰᠢᠭᠤᠳ ᠬᠠᠷᠢᠶ᠎ᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠣᠩᠭᠤᠨ ᠳᠡᠪᠰᠢᠭᠦᠯᠬᠦ ᠪᠠᠷ ᠳᠠᠮᠵᠢᠨ ᠨᠡᠷᠡᠶᠢᠳᠦᠭᠳᠡᠪᠡ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠥᠷᠭᠡᠨ ᠢᠶᠠᠷ ᠰᠢᠯᠢᠨ ᠰᠣᠩᠭᠤᠵᠤ᠂ ᠴᠢᠩᠭ᠎ᠠ ᠠᠳᠬᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠭᠠᠵᠠᠷ ᠣᠷᠣᠨ ᠤ ᠰᠠᠨᠠᠯ ᠢ ᠢᠳᠡᠪᠬᠢᠲᠡᠢ ᠬᠤᠷᠢᠶᠠᠵᠤ᠂ ᠵᠢᠱᠢᠶ᠎ᠡ ᠦᠵᠡᠭᠦᠯᠭᠦ ᠴᠢᠨᠠᠷ ᠪᠠ ᠬᠥᠲᠥᠯᠥᠨ ᠳᠠᠭᠠᠭᠤᠯᠬᠤ ᠴᠢᠨᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠ ᠢᠯᠡᠳᠲᠡ ᠦᠷ᠎ᠡ ᠪᠦᠲᠦᠮᠵᠢ ᠣᠯᠣᠭᠰᠠᠨ ᠭᠠᠵᠠᠷ ᠣᠷᠣᠨ ᠪᠠ ᠨᠢᠭᠡᠴᠢ ᠶᠢ ᠰᠣᠩᠭᠤᠨ ᠭᠠᠷᠭᠠᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠵᠢᠯᠣᠭᠤᠳᠤᠯᠭ᠎ᠠ ᠪᠠ ᠳᠡᠮᠵᠢᠯᠭᠡ ᠶᠢ ᠢᠳᠡᠪᠬᠢᠯᠡᠨ ᠣᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠲᠣᠭᠤᠷᠢᠭ ᠢ ᠴᠢᠷᠮᠠᠶᠢᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠨᠢᠭᠡᠴᠡ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠭᠦ ᠬᠦᠴᠦᠨ ᠢᠶᠠᠷ ᠢᠶᠠᠨ ᠬᠥᠭᠵᠢᠭᠡᠵᠡᠢ᠃ ᠣᠳᠣᠬᠠᠨ ᠪᠤᠯᠲᠠᠯ᠎ᠠ ᠮᠠᠨ ᠤ ᠣᠷᠣᠨ ᠤ 95 ᠭᠠᠵᠠᠷ ᠣᠷᠣᠨ ᠪᠠ ᠨᠢᠭᠡᠴᠢ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠪᠠᠷ ᠨᠡᠷᠡᠶᠢᠳᠦᠭᠳᠡᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号