ᠬᠥᠬᠡ ᠡᠷᠭᠢ ᠪᠠᠯᠭᠠᠰᠤᠨ ᠤ ᠰᠢᠨ ᠳ᠋ᠦᠩ ᠵᠢᠶᠧ ᠨᠡᠶᠢᠭᠡᠮ ᠲᠣᠭᠤᠷᠢᠭ ᠲᠤ ᠥᠯᠵᠡᠶᠢᠲᠦ ᠡᠳᠦᠷ ᠤᠨ ᠪᠠᠶᠠᠷ ᠤᠨ ᠣᠨᠢᠰᠤᠭ᠎ᠠ ᠳᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/23
     ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠤᠯᠠᠮᠵᠢᠯᠠᠬᠤ ᠶᠢᠨ ᠲᠥᠯᠥᠭᠡ᠂ 2 ᠰᠠᠷ᠎ᠠ ᠶᠢᠨ 20 ᠤ ᠡᠳᠦᠷ᠂  ᠬᠥᠬᠡ ᠡᠷᠭᠢ ᠪᠠᠯᠭᠠᠰᠤᠨ ᠤ ᠰᠢᠨ ᠳ᠋ᠦᠩ ᠵᠢᠶᠧ ᠨᠡᠶᠢᠭᠡᠮ ᠲᠣᠭᠤᠷᠢᠭ ᠲᠤ ︽ᠥᠯᠵᠡᠶᠢᠲᠦ ᠡᠳᠦᠷ ᠤᠨ ᠪᠠᠶᠠᠷ ᠤᠨ ᠣᠨᠢᠰᠤᠭ᠎ᠠ ᠳᠠᠭᠠᠬᠤ︾ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠠᠵᠢᠯᠲᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠨᠠᠶᠢᠵᠠ ᠨᠠᠷ ᠲᠣᠰ ᠠᠵᠢᠯᠯᠠᠭ᠎ᠠ ᠳᠤ ᠣᠷᠣᠯᠴᠠᠵᠠᠢ᠃
     ᠨᠡᠶᠢᠭᠡᠮ ᠲᠣᠭᠤᠷᠢᠭ ᠤᠨ ᠠᠵᠢᠯᠲᠠᠳ ᠡᠷᠲᠡ ᠠᠴᠠ ᠡᠬᠢᠯᠡᠨ ᠶᠠᠭᠠᠷᠠᠯᠳᠤᠵᠤ᠂ ᠲᠤᠬᠠᠢ ᠶᠢᠨ ᠲᠠᠯᠠᠪᠠᠶ ᠪᠠᠨ ᠪᠠᠶᠠᠷ ᠬᠥᠷ ᠲᠠᠢ ᠬᠠᠯᠠᠭᠤᠨ ᠳᠣᠲᠣᠨᠣ ᠵᠠᠰᠠᠵᠤ᠂ ᠣᠨᠢᠰᠤᠭ᠎ᠠ ᠨᠤᠭᠤᠳ ᠢ ᠳᠡᠭᠡᠷ᠎ᠡ ᠡᠯᠭᠦᠵᠦ᠂ ᠮᠡᠳᠡᠯᠭᠡ ᠪᠣᠯᠣᠨ ᠰᠣᠨᠢᠷᠬᠠᠯᠲᠤ ᠴᠢᠨᠠᠷ ᠢ ᠠᠭᠤᠰᠬᠠᠨ ᠨᠢᠭᠡᠳᠬᠡᠵᠦ᠂ ᠣᠯᠠᠨ ᠤ ᠠᠩᠬᠠᠷᠤᠯ ᠢ ᠲᠠᠲᠠᠵᠤ ᠪᠠᠶᠢᠯ᠎ᠠ᠃ ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ ᠨᠠᠷᠢᠨ ᠬᠢᠨᠠᠮᠠᠭᠠᠢ ᠪᠠᠷ ᠣᠨᠢᠰᠤᠭ᠎ᠠ ᠶᠢ ᠲᠠᠭᠠᠵᠦ᠂ ᠵᠣᠭᠤᠭ ᠳᠡᠯᠭᠡᠵᠦ᠂ ᠪᠦᠬᠦ ᠨᠡᠶᠢᠭᠡᠮ ᠲᠣᠭᠤᠷᠢᠭ ᠲᠤ ᠪᠠᠶᠠᠷ ᠬᠦᠷ ᠢᠶᠠᠷ ᠪᠢᠯᠬᠠᠨ᠎ᠠ᠃ ᠣᠯᠠᠨ ᠢᠶᠠᠷ ᠢᠶᠠᠨ ᠥᠪᠡᠷ ᠢᠶᠠᠨ ᠣᠨᠢᠰᠤᠭ᠎ᠠ ᠰᠣᠩᠭᠤᠵᠤ᠂ ᠵᠥᠪ ᠲᠠᠭᠠᠪᠠᠯ ᠳᠠᠷᠤᠢ ᠬᠠᠷᠠᠭᠠᠯᠵᠠᠭᠰᠠᠨ ᠬᠤᠷᠠᠮᠳᠤᠯ ᠬᠤᠪᠢ ᠣᠯᠣᠨ᠎ᠠ᠃ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ ᠨᠢᠭᠡ ᠪᠦᠯᠦᠭ ᠰᠣᠨᠢᠨ ᠰᠡᠪᠡᠭᠦᠨ ᠵᠢᠵᠢᠭ ᠪᠡᠯᠡᠭ ᠤᠨ ᠡᠳ᠋ ᠢ ᠨᠠᠷᠢᠨ ᠨᠢᠮᠪᠠᠢ ᠪᠡᠯᠡᠳᠬᠡᠵᠦ᠂ ᠤᠯᠠᠨ ᠢᠶᠠᠷ ᠢᠶᠠᠨ ᠥᠪᠡᠷ ᠤᠨ ᠬᠤᠷᠠᠮᠳᠤᠯ ᠬᠤᠪᠢ ᠪᠠᠨ ᠦᠨᠳᠦᠰᠦᠯᠡᠨ ᠪᠣᠯᠪᠠᠰᠤᠨ ᠪᠦᠯᠬᠦᠮᠳᠡᠯ ᠤᠨ ᠬᠡᠳᠦ ᠳᠡᠯᠭᠡᠭᠦᠷ ᠠᠴᠠ ᠲᠣᠭᠤᠭᠰᠠᠨ ᠪᠡᠯᠡᠭ ᠤᠨ ᠡᠳ᠋ ᠢᠶᠠᠨ ᠰᠣᠩᠭᠤᠵᠤ᠂ ᠠᠵᠢᠯᠯᠠᠭ᠎ᠠ ᠶᠢᠨ ᠠᠬᠤᠢ ᠲᠠᠯᠠᠪᠠᠢ ᠳᠤ ᠬᠦᠷ ᠬᠥᠭᠵᠢᠶᠡᠨ ᠲᠠᠢ ᠪᠥᠭᠡᠳ ᠪᠠᠶᠠᠷ ᠪᠠᠶᠠᠰᠬᠤᠯᠠᠩ ᠲᠠᠢ ᠪᠠᠶᠢᠯ᠎ᠠ᠃
     ᠲᠤᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠡᠳ᠋ᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠣᠯᠠᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠤ ᠬᠠᠮᠲᠤ ᠨᠡᠶᠢᠭᠡᠮ ᠲᠣᠭᠤᠷᠢᠭ ᠤᠨ ᠠᠵᠢᠯᠲᠠᠳ ᠪᠣᠯᠣᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠪᠦᠯᠬᠦᠮᠳᠡᠨ ᠳᠠᠪᠰᠢᠬᠤ᠂ ᠪᠣᠯᠪᠠᠰᠤᠨ ᠡᠷᠡᠭᠦᠯ ᠣᠶᠤᠨ ᠰᠠᠨᠠᠭᠠᠨ ᠤ ᠳᠦᠷᠰᠦ ᠪᠠᠶᠢᠳᠠᠯ ᠢ ᠤᠯᠠᠮ ᠨᠢᠭᠡ ᠠᠯᠬᠤᠮ ᠬᠥᠭᠵᠢᠭᠡᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号