2 ᠰᠠᠷ᠎ᠠ ᠶᠢᠨ 20 ᠤ ᠡᠳᠦᠷ ᠠᠴᠠ 2 ᠰᠠᠷ᠎ᠠ ᠶᠢᠨ 22 ᠤᠨ ᠡᠳᠦᠷ ᠪᠣᠯᠲᠠᠯ᠎ᠠ᠂ ᠦᠴᠦᠸᠠᠨ ᠰᠢᠶᠠᠨ ᠤ | ᠠᠵᠢᠯᠴᠢᠨ ᠤ ᠶᠡᠷᠦᠩᠬᠡᠢ ᠡᠪᠯᠡᠯ᠂ ᠦᠴᠦᠸᠠᠨ ᠰᠢᠶᠠᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯ ᠤᠨ ᠵᠥᠪᠯᠡᠯ | 2024 ᠣᠨ ᠤ ᠥᠯᠵᠡᠶᠢᠲᠦ ᠡᠳᠦᠷ ᠤᠨ ᠪᠠᠶᠠᠷ ᠤᠨ ︽ᠳᠤᠮᠳᠠᠳᠤ ᠶᠢᠨ ᠵᠡᠭᠦᠳᠦ · ᠬᠥᠳᠡᠯᠮᠦᠷᠢ ᠶᠢᠨ ᠭᠤᠸ᠎ᠠ ︱ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ ᠨᠠᠮ ᠢᠶᠠᠨ ᠳᠠᠭᠠᠵᠤ ᠪᠦᠯᠬᠦᠮᠳᠡᠨ ᠲᠡᠮᠡᠴᠡᠬᠦ ᠰᠢᠨ᠎ᠡ | ᠠᠶᠠᠨ︾ ᠭᠡᠬᠦ ᠪᠥᠬᠦ ᠰᠢᠶᠠᠨ ᠤ ᠠᠵᠢᠯᠲᠠᠨ ᠠᠵᠢᠯᠴᠢᠨ ᠤ ᠰᠢᠲᠠᠷ᠎ᠠ ᠬᠥᠵᠥᠷ ᠤᠨ ᠲᠥᠷᠥᠯ ᠤᠨ ᠤᠷᠤᠯᠳᠤᠭᠠᠨ ᠢ | ᠡᠷᠭᠢᠯᠡᠪᠡ᠃ | | | | | | | | | ᠲᠤᠰ ᠤᠳᠠᠭ᠎ᠠ ᠶᠢᠨ ᠤᠷᠤᠯᠳᠤᠭᠠᠨ ᠨᠢ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ ᠤ ᠬᠠᠯᠠᠭᠤᠨ | ᠬᠦᠷᠢᠶᠡᠯᠡᠯ ᠪᠠ ᠬᠦᠴᠦᠲᠡᠢ ᠳᠡᠮᠵᠢᠯᠭᠡ ᠶᠢ ᠣᠯᠪᠠ᠃ ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠰᠢᠲᠠᠷᠠᠴᠢᠳ | ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠠᠷᠭ᠎ᠠ ᠤᠬᠠᠭᠠᠨ ᠭᠠᠷᠭᠠᠨ ᠡᠷᠡᠯᠬᠡᠭᠯᠡᠨ ᠲᠡᠮᠡᠴᠡᠵᠦ᠂ ᠳᠠᠭᠤᠨ ᠦᠭᠡᠢ | ᠰᠢᠲᠠᠷ᠎ᠠ ᠶᠢᠨ ᠪᠠᠶᠢᠯᠳᠤᠭᠠᠨ ᠤ ᠲᠠᠯᠠᠪᠤᠷ ᠲᠤ ︽ᠨᠣᠴᠣᠯᠳᠤᠨ ᠠᠯᠠᠯᠳᠤᠵᠤ︾᠂ ᠰᠡᠳᠬᠢᠯ ᠲᠠᠯᠪᠢᠨ ᠵᠢᠭᠰᠠᠭᠠᠯ ᠢᠶᠠᠨ | ᠪᠠᠶᠢᠷᠢᠯᠠᠭᠤᠯᠵᠤ᠂ ᠡᠷᠡᠰ ᠰᠢᠭᠤᠷᠬᠠᠢ ᠪᠠᠷ ᠰᠢᠲᠠᠷ᠎ᠠ ᠲᠠᠯᠪᠢᠵᠤ᠂ ᠥᠪᠡᠷ ᠤᠨ ᠰᠢᠲᠠᠷ᠎ᠠ ᠶᠢᠨ ᠡᠷᠳᠡᠮ ᠢᠶᠠᠨ ᠪᠦᠬᠦ | ᠬᠦᠴᠦᠨ ᠢᠶᠠᠷ ᠢᠶᠠᠨ ᠪᠠᠳᠠᠷᠠᠭᠤᠯᠵᠤ᠂ ᠰᠢᠲᠠᠷ᠎ᠠ ᠶᠢᠨ ᠨᠠᠶᠢᠵᠠ ᠶᠢᠨ ᠵᠢᠭᠰᠠᠭᠠᠯ ᠢ ᠨᠢᠮᠪᠠᠢ ᠠᠵᠢᠭᠯᠠᠵᠤ᠂ ᠨᠠᠷᠢᠯᠢᠭ | ᠲᠠᠭᠠᠪᠤᠷᠢᠯᠠᠨᠠ᠃ ᠬᠥᠵᠥᠷ ᠤᠨ ᠤᠷᠤᠯᠳᠤᠭᠠᠨ ᠤ ᠲᠣᠭᠤᠷᠢᠭ ᠲᠤ ᠬᠠᠷᠢᠯᠴᠠᠨ ᠬᠥᠭᠡᠭᠡᠴᠡᠯᠳᠦᠵᠦ᠂ ᠠᠷᠠᠭ᠎ᠠ | ᠤᠬᠠᠭᠠᠨ ᠢᠶᠠᠨ ᠲᠡᠮᠡᠴᠡᠵᠦ᠂ ᠢᠨᠢᠶᠡᠳᠦ ᠳᠦᠭᠦᠷᠡᠩ ᠭᠤᠶᠢᠳᠠ ᠰᠠᠶᠢᠬᠠᠨ ᠪᠠᠶᠢᠯ᠎ᠠ᠃ ᠪᠦᠬᠦ᠋ᠢᠯᠡ ᠠᠵᠢᠯᠯᠠᠭᠠᠨ ᠤ | ᠠᠬᠤᠢ ᠲᠠᠯᠠᠪᠠᠶ ᠨᠢ ᠡᠮᠬᠢ ᠳᠢᠭᠯᠢᠮ ᠲᠠᠢ ᠪᠠᠶᠢᠵᠤ᠂ ᠪᠠᠶᠠᠷ ᠪᠠᠶᠠᠰᠬᠤᠯᠠᠩᠲᠠᠢ᠂ ᠥᠯᠵᠡᠢ ᠪᠡᠯᠭᠡ ᠲᠠᠢ ᠪᠠᠶᠠᠷ ᠤᠨ | ᠡᠳᠦᠷ ᠤᠨ ᠠᠭᠤᠷ ᠠᠮᠢᠰᠬᠤᠯ ᠢᠶᠠᠷ ᠪᠢᠯᠬᠠᠨ᠎ᠠ᠃ | | | | | | | | | ᠲᠤᠰ ᠤᠳᠠᠭ᠎ᠠ ᠶᠢᠨ ᠤᠷᠤᠯᠳᠤᠭᠠᠨ ᠨᠢ ᠪᠦᠬᠦ ᠰᠢᠶᠠᠨ ᠤ ᠠᠵᠢᠯᠲᠠᠳ ᠲᠤ ᠬᠠᠷᠢᠯᠴᠠᠨ ᠰᠣᠯᠢᠯᠴᠠᠬᠤ᠂ ᠤᠷ᠎ᠠ | ᠮᠡᠷᠭᠡᠵᠢᠯ ᠢᠶᠠᠨ ᠪᠠᠳᠠᠷᠠᠭᠤᠯᠬᠤ᠂ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ | ᠦᠭᠡᠢ᠂ ᠠᠵᠢᠯᠲᠠᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠪᠠᠶᠠᠷ ᠳᠤᠷᠠᠰᠬᠠᠯ ᠤᠨ | ᠡᠳᠦᠷ ᠤᠨ ᠪᠠᠶᠠᠷ ᠬᠦᠷ ᠲᠠᠢ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ ᠤᠯᠠᠨ ᠠᠵᠢᠯᠲᠠᠳ ᠤᠨ ᠮᠠᠭᠲᠠᠭᠠᠯ | ᠰᠠᠶᠢᠰᠢᠶᠠᠯ ᠢ ᠣᠯᠵᠠᠢ᠃ ᠡᠭᠦᠨ ᠤ ᠵᠡᠷᠭᠡ ᠳᠤ᠂ ᠲᠣᠰ ᠤᠳᠠᠭᠠᠨ ᠤ ᠤᠷᠤᠯᠳᠤᠭᠠᠨ ᠢᠶᠠᠷ ᠳᠠᠮᠵᠢᠭᠤᠯᠤᠨ ᠥᠷᠭᠡᠨ | ᠣᠯᠠᠨ ᠠᠵᠢᠯᠲᠠᠨ ᠠᠵᠢᠯᠴᠢᠨ ᠤ ᠨᠢᠭᠲᠠᠷᠠᠯ ᠤᠨ ᠬᠦᠴᠦᠨ ᠢ ᠨᠡᠩ ᠴᠢᠩᠭᠠᠷᠠᠭᠤᠯᠪᠠ᠃ ᠴᠠᠭᠠᠨ ᠰᠠᠷ᠎ᠠ ᠶᠢᠨ ᠪᠠᠶᠠᠷ | ᠪᠠᠶᠠᠰᠤᠯ ᠤᠨ ᠳᠤᠮᠳᠠ ᠰᠢᠨ᠎ᠡ ᠵᠢᠯ ᠤᠨ ᠲᠤᠬᠠᠢ ᠬᠦᠰᠡᠯ ᠡᠷᠡᠮᠡᠯᠵᠡᠯ ᠪᠠ ᠵᠥᠩᠨᠡᠯ ᠢᠶᠠᠷ ᠳᠦᠭᠦᠷᠡᠩ ᠪᠠᠶᠢᠨ᠎ᠠ᠃ ︵ | ᠰᠤᠷᠪᠤᠯᠵᠢᠯᠠᠭᠴᠢ᠄ ᠶᠢᠨ ᠫᠢᠩ ᠴᠢᠶᠣᠤ ᠳ᠋ᠦᠩ ᠳ᠋ᠦᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | | | | | | | | | | ᠁ |