ᠬᠥᠬᠡ ᠡᠷᠭᠢ ᠪᠠᠯᠭᠠᠰᠤᠨ ᠤ ᠶᠢᠩ ᠪᠢᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠬᠡᠦᠬᠡᠳ ᠤᠨ ᠰᠡᠳᠬᠢᠯ ᠨᠠᠮ ᠳᠠᠭᠠᠨ ︽ᠤᠯᠠᠮᠵᠢᠯᠠᠬᠤ ᠳᠠᠭᠠᠨ ᠴᠢᠳᠠᠮᠠᠭᠠᠢ ᠦᠰᠦᠨ ᠪᠤᠶᠢᠵᠢᠯᠲᠠ ᠳᠤ ᠲᠤᠰᠠᠲᠠᠢ︾ ᠡᠪᠦᠯ ᠤᠨ ᠠᠮᠠᠷᠠᠯᠲᠠ ᠶᠢᠨ ᠨᠠᠰᠤᠨ ᠳᠤ ᠦᠯᠦ ᠬᠦᠷᠦᠭᠰᠡᠳ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/23
     ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠭᠦᠢᠴᠡᠳ ᠠᠰᠢᠭᠯᠠᠨ ᠰᠤᠷᠤᠭᠴᠢᠳ ᠤᠨ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠬᠤ ᠶᠢ ᠬᠥᠮᠥᠵᠢᠭᠦᠯᠬᠦ ᠶᠢᠨ ᠲᠥᠯᠥᠭᠡ᠂ 2 ᠰᠠᠷ᠎ᠠ ᠶᠢᠨ 20  ᠤ ᠡᠳᠦᠷ ᠤᠨ ᠦᠳᠡ ᠶᠢᠨ ᠬᠤᠶᠢᠨ᠎ᠠ᠂ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠨᠡᠶᠢᠭᠡᠮ ᠲᠣᠭᠤᠷᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠬᠡᠦᠬᠡᠳ ᠤᠨ ᠰᠡᠳᠬᠢᠯ ᠨᠠᠮ ᠳᠠᠭᠠᠨ ︽ᠤᠯᠠᠮᠵᠢᠯᠠᠬᠤ ᠳᠠᠭᠠᠨ ᠴᠢᠳᠠᠮᠠᠭᠠᠢ ᠦᠰᠦᠨ ᠪᠤᠶᠢᠵᠢᠯᠲᠠ ᠳᠤ ᠲᠤᠰᠠᠲᠠᠢ︾ ᠡᠪᠦᠯ ᠤᠨ ᠠᠮᠠᠷᠠᠯᠲᠠ ᠶᠢᠨ ᠨᠠᠰᠤᠨ ᠳᠤ ᠦᠯᠦ ᠬᠦᠷᠦᠭᠰᠡᠳ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ ︽ᠳᠤᠮᠳᠠᠳᠤ ᠤᠯᠤᠰ ᠤᠨ ᠲᠡᠭᠷᠢ ᠶᠢᠨ ᠭᠤᠣᠯ ︱ᠤᠯᠠᠭᠠᠨ ᠲᠤᠭ ᠰᠤᠪᠠᠭ︾ ᠭᠡᠬᠦ ᠵᠢᠷᠤᠭᠲᠤ ᠦᠯᠢᠭᠡᠷ ᠢ ᠨᠡᠪᠲᠡᠷᠡᠭᠦᠯᠪᠡ᠃ ᠦᠯᠢᠭᠡᠷ ᠢᠶᠠᠷ ᠲᠠᠮᠵᠢᠨ᠂ ᠬᠠᠮᠲᠤ ᠰᠤᠷᠤᠭᠴᠢᠳ ᠯᠢᠨ ᠰᠢᠶᠠᠨ ᠤ ᠠᠷᠪᠠᠨ ᠲᠦᠮᠡᠨ ᠶᠡᠭᠡ ᠴᠡᠷᠢᠭ ᠤᠨ ᠠᠷᠪᠠᠨ ᠵᠢᠯ ᠤᠨ ᠲᠤᠷᠰᠢ ᠪᠠᠶᠢᠭᠤᠯᠤᠭᠰᠠᠨ ︽ᠵᠣᠬᠢᠶᠠᠮᠠᠯ ᠲᠡᠭᠷᠢ ᠶᠢᠨ ᠭᠤᠣᠯ︾ ᠤᠨ ᠤᠯᠠᠭᠠᠨ ᠲᠤᠭ ᠰᠤᠪᠠᠭ ᠤᠨ ᠲᠡᠦᠬᠡ ᠶᠢ ᠣᠶᠢᠯᠠᠭᠠᠵᠤ᠂ ᠠᠬᠠᠮᠠᠳ ᠦᠶ᠎ᠡ ᠶᠢᠨ ᠬᠢᠨ ᠤ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠣᠰᠬᠠᠬᠤ᠂ ᠪᠦᠯᠬᠦᠮᠳᠡᠨ ᠬᠠᠮᠵᠢᠯᠴᠠᠬᠤ᠂ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠣᠶᠢᠯᠠᠭᠠᠪᠠ᠃ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠪᠣᠯ ᠮᠥᠩᠬᠡ ᠶᠢᠨ ᠲᠤᠭ ᠮᠥᠨ᠂ ᠲᠡᠷᠡ ᠨᠢ ᠦᠶ᠎ᠡ ᠦᠶ᠎ᠡ ᠶᠢᠨ ᠪᠠᠭᠠᠴᠤᠳ ᠢ ᠤᠷᠮᠠᠰᠢᠭᠤᠯᠤᠨ ᠵᠣᠷᠢᠭᠵᠢᠭᠤᠯᠵᠤ᠂ ᠠᠬᠠᠮᠠᠳ ᠦᠶ᠎ᠡ ᠶᠢᠨ ᠬᠢᠨ ᠤ ᠦᠯᠡᠳᠡᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠢ ᠪᠠᠳᠠᠷᠠᠭᠤᠯᠤᠨ ᠵᠠᠯᠭᠠᠮᠵᠢᠯᠠᠭᠤᠯᠳᠠᠭ᠃
     ᠥᠯᠢᠭᠡᠷ ᠵᠢᠷᠤᠬᠤ ᠪᠠᠷ ᠳᠠᠮᠵᠢᠭᠤᠯᠤᠨ᠂ ᠬᠡᠦᠬᠡᠳ ᠤᠳ ᠢ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠥᠪᠡᠷ ᠤᠨ ᠡᠳᠦᠷ ᠲᠤᠲᠤᠮ ᠤᠨ ᠰᠤᠷᠤᠯᠴᠠᠯᠭ᠎ᠠ ᠪᠠ ᠠᠮᠢᠳᠤᠷᠠᠯ ᠳᠠᠭᠠᠨ ᠠᠭᠤᠰᠬᠠᠵᠤ᠂ ᠰᠢᠷᠭᠠᠭᠤ ᠬᠠᠲᠠᠭᠤᠵᠢᠯᠲᠠᠢ ᠰᠤᠷᠤᠯᠴᠠᠨ᠂ ᠬᠦᠰᠡᠯᠡᠩ ᠢᠶᠠᠨ ᠪᠣᠶ ᠪᠣᠯᠭᠠᠵᠤ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠥᠨ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠤᠭᠰᠠᠨ ᠪᠠᠶᠢᠨ᠎ᠠ᠃ ᠤᠯᠠᠭᠠᠨ ᠲᠤᠭ ᠰᠤᠪᠠᠭ ᠤᠨ ᠵᠣᠷᠢᠭ ᠰᠠᠨᠠᠭ᠎ᠠ ᠶᠢ ᠦᠨᠳᠦᠰᠦᠲᠡᠨ ᠤ ᠪᠠᠯᠠᠷᠠᠰᠢ ᠦᠭᠡᠢ ᠳᠤᠷᠠᠳᠬᠠᠯ ᠪᠣᠯᠭᠠᠵᠤ᠂ ᠬᠤᠪᠢᠰᠬᠠᠯ ᠤᠨ ᠬᠥᠮᠦᠵᠢᠯ ᠢ ᠪᠠᠭᠠᠴᠤᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号