2 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ | ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ︽ᠲᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠬᠢᠴᠠ ᠶᠢᠨ | ᠪᠠᠶᠢᠳᠠᠯ ᠢ ᠰᠣᠨᠣᠰᠴᠤ᠂ ︽ᠦᠴᠦᠸᠠᠨ ᠰᠢᠶᠠᠨ ᠤ ᠪᠦᠬᠦ ᠤᠯᠤᠰ ᠤᠨ ︿ᠲᠦᠷᠪᠡᠨ ᠰᠠᠶᠢᠨᠲᠠᠢ ᠬᠥᠳᠡᠭᠡ ᠲᠣᠰᠬᠤᠨ ᠤ | ᠵᠠᠮ﹀ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ | ᠤᠴᠢᠷ ᠶᠠᠪᠤᠳᠠᠯ ᠢ ᠬᠢᠨᠠᠨ ᠵᠥᠪᠯᠡᠪᠡ᠃ | ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠬᠢᠨ ᠬᠥᠳᠡᠭᠡ ᠲᠣᠰᠬᠤᠨ ᠤ ᠵᠠᠰᠠᠮᠠᠯ ᠵᠠᠮ ᠤᠨ ︽ᠰᠠᠶᠢᠲᠤᠷ | ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠢ ᠬᠠᠷᠠᠯᠲᠠ ᠲᠠᠢ | ᠨᠢᠭᠲᠠ ᠤᠶᠠᠯᠳᠤᠭᠤᠯᠤᠨ᠂ ᠪᠥᠬᠦ ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠬᠠᠮᠠᠭᠠᠯᠠᠯᠲᠠ᠂ ᠡᠵᠡᠩᠨᠡᠯᠲᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠪᠥᠬᠦ ᠰᠢᠶᠠᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠲᠣᠣᠷ ᠰᠦᠯᠵᠢᠶ᠎ᠡ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠭᠰᠡᠨ ᠪᠠᠶᠢᠨ᠎ᠠ᠃ 2023 ᠣᠨ ᠤ ᠵᠢᠯ ᠤᠨ ᠡᠴᠦᠰ ᠪᠣᠯᠲᠠᠯ᠎ᠠ᠂ ᠪᠦᠬᠦ ᠰᠢᠶᠠᠨ ᠳᠤ ᠨᠡᠶᠢᠳᠠ | 152 ᠵᠠᠰᠠᠮᠠᠯ ᠵᠡᠮ᠂ ᠵᠠᠰᠠᠮᠠᠯ ᠵᠡᠮ ᠤᠨ ᠪᠦᠬᠦ ᠤᠷᠳᠦ 1280.709 ᠺᠢᠯᠣᠮᠧᠲᠷ ᠲᠤ ᠬᠦᠷᠴᠦ᠂ ᠡᠭᠦᠨ ᠤ | ᠳᠣᠲᠣᠷ᠎ᠠ ᠬᠥᠳᠡᠭᠡ ᠲᠣᠰᠬᠤᠨ ᠤ ᠵᠠᠰᠠᠮᠠᠯ ᠵᠡᠮ 146 ᠪᠠᠶᠢᠵᠤ᠂ ᠬᠥᠳᠡᠭᠡ ᠲᠣᠰᠬᠤᠨ ᠤ ᠵᠠᠰᠠᠮᠠᠯ ᠵᠡᠮ ᠤᠨ ᠪᠦᠬᠦ | ᠤᠷᠳᠦ 1099.224 ᠺᠢᠯᠣᠮᠧᠲᠷ᠂ ᠬᠥᠳᠡᠭᠡ ᠲᠣᠰᠬᠤᠨ ᠤ ᠵᠠᠰᠠᠮᠠᠯ ᠵᠡᠮ ᠤᠨ ᠲᠣᠣᠷ ᠤᠨ ᠨᠢᠭᠲᠠᠴᠠ 22.502 | ᠺᠢᠯᠣᠮᠧᠲᠷ/ ᠵᠠᠭᠤᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠰᠢᠶᠠᠩ ᠪᠠᠯᠭᠠᠰᠤᠨ ᠤ ᠭᠤᠷᠪᠠᠳᠤᠭᠠᠷ ᠳᠡᠰ | ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠡᠮ ᠳᠤ ᠨᠡᠪᠲᠡᠷᠡᠬᠦ ᠬᠠᠷᠢᠴᠠᠯ 89% ᠳᠤ ᠬᠦᠷᠴᠦ᠂ ᠨᠥᠬᠦᠴᠡᠯ | ᠪᠦᠷᠢᠳᠦᠭᠰᠡᠨ 92 ᠲᠣᠰᠬᠤᠨ ᠤ ᠠᠷᠠᠳ ᠤᠨ ᠵᠥᠪᠯᠡᠯ ᠪᠦᠬᠦᠠ ᠢᠶᠠᠷ ᠢᠶᠠᠨ ᠬᠠᠲᠠᠭᠤᠷᠠᠭᠤᠯᠤᠭᠰᠠᠨ ᠵᠡᠮ ᠨᠡᠪᠳᠡᠷᠡᠵᠦ᠂ | ᠰᠢᠶᠠᠩ ᠪᠠᠯᠭᠠᠰᠤ ᠪᠣᠯᠣᠨ ᠲᠣᠰᠬᠤᠨ ᠤ ᠠᠷᠠᠳ ᠤᠨ ᠵᠥᠪᠯᠡᠯ ᠤᠨ ᠠᠶᠠᠨᠴᠢᠳ ᠤᠨ ᠲᠡᠷᠭᠡ ᠨᠡᠪᠲᠡᠷᠡᠭᠰᠡᠨ ᠨᠤᠷᠮ᠎ᠠ | 100% ᠳᠤ ᠬᠦᠷᠴᠦ᠂ ᠬᠥᠳᠡᠭᠡ ᠲᠣᠰᠬᠤᠨ ᠤ ︽ᠶᠠᠪᠤᠵᠤ ᠰᠠᠭᠤᠬᠤ ᠳᠤ ᠬᠦᠴᠢᠷᠲᠡᠢ︾ ᠪᠠᠶᠢᠬᠤ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ | ᠬᠤᠷᠠᠯ ᠠᠴᠠ᠂ ᠳᠡᠭᠡᠳᠦ ᠪᠠᠶᠢᠷᠢ ᠠᠴᠠ ᠲᠦᠯᠬᠢᠨ ᠠᠬᠢᠭᠤᠯᠬᠤ ᠶᠢ ᠪᠠᠷᠢᠮᠲᠠᠯᠠᠵᠤ᠂ ᠨᠢᠭᠲᠠ ᠬᠤᠯᠪᠣᠯᠳᠤᠭᠰᠠᠨ᠂ | ᠱᠠᠲᠤ ᠱᠠᠲᠤ ᠪᠠᠷ ᠨᠠᠶᠢᠳᠠᠪᠤᠷᠢᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ︽ᠲᠦᠷᠪᠡᠨ ᠰᠠᠶᠢᠨ | ᠬᠥᠳᠡᠭᠡ ᠲᠣᠰᠬᠤᠨ ᠤ ᠵᠠᠮ︾ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ | ᠴᠢᠬᠤᠯᠠ ᠠᠭᠤᠯᠭ᠎ᠠ ᠪᠣᠯᠭᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠵᠣᠬᠢᠶᠠᠨ | ᠪᠠᠶᠢᠭᠤᠯᠵᠤ ᠨᠠᠶᠢᠳᠠᠪᠤᠷᠢᠵᠢᠭᠤᠯᠬᠤ᠂ ᠤᠳᠤᠷᠢᠳᠬᠤ ᠳᠤᠭᠤᠶᠢᠯᠠᠩ ᠬᠤᠷᠠᠯ ᠢᠶᠠᠷ ᠵᠣᠬᠢᠴᠠᠭᠤᠯᠬᠤ᠂ ᠵᠠᠮ ᠬᠠᠷᠢᠯᠴᠠᠭᠠᠨ ᠤ | ᠰᠠᠯᠠᠭ᠎ᠠ ᠮᠥᠴᠢᠷ ᠠᠬᠢᠭᠤᠯᠬᠤ᠂ ᠡᠯ᠎ᠡ ᠲᠠᠯ᠎ᠠ ᠶᠢᠨ ᠬᠢᠨ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ | ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠵᠣᠬᠢᠴᠠᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢ | ᠠᠭᠤᠰᠤᠯᠴᠠᠭᠤᠯᠤᠨ᠂ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠵᠠᠮ ᠤᠨ ᠲᠣᠣᠷ ᠤᠨ ᠰᠢᠰᠲ᠋ᠧᠮ ᠢ ᠪᠠᠶᠢᠭᠤᠯᠵᠤ᠂ | ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠨᠢᠭᠡ | ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ᠂ ᠨᠢᠭᠡ ᠴᠣᠭᠴᠠᠵᠢᠭᠤᠯᠤᠨ | ᠬᠠᠮᠢᠶᠠᠷᠤᠨ ᠬᠠᠮᠠᠭᠠᠯᠠᠵᠤ᠂ ᠬᠥᠳᠡᠭᠡ ᠲᠣᠰᠬᠤᠨ ᠤ ᠵᠠᠮ ᠢ ᠵᠠᠮ ᠬᠠᠷᠢᠯᠴᠠᠭᠠᠨ ᠤ ᠲᠥᠬᠦᠮ ᠪᠠ ᠠᠮᠢ ᠠᠬᠤᠢ ᠶᠢᠨ | ᠭᠤᠸ᠎ᠠ ᠰᠠᠶᠢᠬᠠᠨ ᠢ ᠬᠠᠪᠰᠤᠷᠭᠠᠬᠤ ᠪᠣᠯᠭᠠᠵᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠠᠷᠠᠭᠠᠨ ᠤ | ᠭᠦᠢᠯᠭᠡᠭᠡᠨ ᠤ ᠲᠣᠣᠷ ᠰᠦᠯᠵᠢᠶ᠎ᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡ᠂ ᠣᠯᠠᠨ | ᠲᠦᠮᠡᠨ ᠤ ᠶᠠᠪᠤᠵᠤ ᠰᠠᠭᠤᠬᠤ᠂ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠲᠣᠰᠬᠤᠨ ᠤ ᠬᠠᠮᠲᠤ ᠶᠢᠨ ᠠᠵᠤ | ᠠᠬᠤᠢ ᠶᠢᠨ ᠬᠥᠭᠵᠢᠯᠲᠡ ᠵᠡᠷᠭᠡ ᠣᠯᠠᠨ ᠳᠠᠪᠬᠤᠷ ᠦᠷ᠎ᠡ ᠠᠰᠢᠭ ᠢ ᠪᠡᠶᠡᠯᠡᠭᠦᠯᠬᠦ ᠬᠡᠷᠡᠭᠲᠡᠢ᠃ ᠪᠦᠲᠦᠭᠡᠨ ᠪᠠᠶᠢᠭᠤᠯᠬᠤ | ᠬᠠᠮᠢᠶᠠᠷᠬᠤ ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠷᠢᠯᠢᠭ ᠬᠠᠮᠢᠶᠠᠷᠤᠭᠰᠠᠨ᠂ ᠤᠷᠳᠤ | ᠬᠤᠭᠤᠴᠠᠭ᠎ᠠ ᠪᠠᠷ ᠵᠠᠰᠠᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠡᠵᠡᠩᠨᠡᠬᠦ ᠪᠠ ᠠᠷᠠᠴᠢᠯᠠᠨ ᠬᠠᠮᠠᠭᠠᠯᠠᠬᠤ | ᠰᠢᠰᠲ᠋ᠧᠮ ᠢ ᠪᠠᠶᠢᠭᠤᠯᠵᠤ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠡᠵᠡᠩᠨᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠵᠠᠮ ᠲᠡᠭᠡᠭᠡᠪᠦᠷᠢ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠳᠤ ᠦᠢᠯᠡᠴᠢᠯᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ | ᠪᠠᠶᠢᠯᠳᠤᠬᠤ ᠪᠣᠳᠣᠯᠭ᠎ᠠ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠮᠠᠨ ᠤ ᠰᠢᠶᠠᠨ ᠤ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶ | | | | ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ | | |