ᠰᠢᠶᠠᠨ ᠤ ᠤᠳᠤᠷᠢᠳᠤᠯᠭ᠎ᠠ ᠥᠯᠵᠡᠶᠢᠲᠦ ᠡᠳᠦᠷ ᠤᠨ ᠪᠠᠶᠠᠷ ᠤᠨ ᠤᠳᠬ᠎ᠠ ᠤᠷᠠᠯᠢᠭ ᠤᠨ ᠠᠵᠢᠯᠯᠠᠭ᠎ᠠ ᠶᠢᠨ ᠲᠣᠬᠢᠷᠠᠭᠤᠯᠤᠯᠲᠠ ᠵᠢᠴᠢ ᠠᠮᠤᠷ ᠢ ᠬᠠᠮᠠᠭᠠᠯᠠᠬᠤ ᠠᠵᠢᠯ ᠢ ᠰᠢᠪᠠᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/2/26
     2 ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠣᠸ ᠯᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠮᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ ᠥᠯᠵᠡᠶᠢᠲᠦ ᠡᠳᠦᠷ ᠤᠨ ᠪᠠᠶᠠᠷ ᠤᠨ ᠤᠳᠬ᠎ᠠ ᠤᠷᠠᠯᠢᠭ ᠤᠨ ᠠᠵᠢᠯᠯᠠᠭ᠎ᠠ ᠶᠢᠨ ᠲᠣᠬᠢᠷᠠᠭᠤᠯᠤᠯᠲᠠ ᠵᠢᠴᠢ ᠠᠮᠤᠷ ᠢ ᠬᠠᠮᠠᠭᠠᠯᠠᠬᠤ ᠠᠵᠢᠯ ᠢ ᠰᠢᠪᠠᠳᠠᠨ ᠪᠠᠶᠢᠴᠠᠭᠠᠪᠠ᠃      ᠡᠨᠡ ᠬᠤᠭᠤᠴᠠᠭᠠᠨ ᠳᠤ ᠬᠠᠳᠠ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠠᠵᠢᠯᠯᠠᠭ᠎ᠠ ᠶᠢᠨ ᠲᠣᠬᠢᠷᠠᠭᠤᠯᠤᠯᠲᠠ ᠪᠠ ᠬᠡᠪᠴᠢᠶ᠎ᠡ ᠶᠢ ᠨᠠᠷᠢᠨ ᠣᠶᠢᠯᠠᠭᠠᠵᠤ᠂ ᠬᠤᠲᠠ ᠶᠢᠨ ᠲᠣᠭᠤᠷᠢᠭ ᠤᠨ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠵᠠᠮ ᠤᠨ ᠬᠡᠰᠡᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠠᠭᠳᠠᠭᠠᠨ ᠤ ᠬᠦᠴᠦᠨ ᠤ ᠪᠠᠶᠢᠷᠢᠯᠠᠭᠤᠯᠤᠯᠲᠠ᠂ ᠵᠠᠮ ᠬᠠᠷᠢᠯᠴᠠᠭᠠᠨ ᠤ ᠵᠢᠯᠣᠭᠤᠳᠤᠯᠭ᠎ᠠ᠂ ᠪᠠᠴᠢᠮ ᠪᠠᠶᠢᠳᠠᠯ ᠢ ᠠᠷᠭᠠᠴᠠᠬᠤ ᠠᠵᠢᠯ᠂ ᠨᠡᠶᠢᠭᠡᠮ ᠤᠨ ᠲᠠᠯ᠎ᠠ ᠶᠢᠨ ᠰᠡᠷᠭᠡᠶᠢᠯᠡᠯᠲᠡ ᠡᠵᠡᠮᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠢᠯᠯᠠᠭ᠎ᠠ ᠶᠢᠨ ᠣᠷᠣᠨ ᠤ ᠭᠠᠳᠠᠷ ᠲᠠᠯ᠎ᠠ ᠶᠢᠨ ᠪᠢᠲᠡᠭᠦᠮᠵᠢᠯᠡᠯᠲᠡ᠂ ᠳᠣᠲᠣᠷ ᠴᠠᠭᠠᠷᠢᠭ ᠤᠨ ᠰᠡᠷᠭᠡᠶᠢᠯᠡᠯᠲᠡ᠂ ᠲᠡᠷᠭᠡ ᠬᠥᠰᠬᠡ ᠶᠢᠨ ᠬᠠᠮᠢᠶᠠᠷᠤᠯᠲᠠ ᠡᠵᠡᠮᠳᠡᠯ ᠳᠤ ᠲᠤᠬᠠᠢ ᠶᠢᠨ ᠲᠠᠯᠠᠪᠤᠷ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃      ᠬᠠᠳᠠ ᠵᠢᠭᠠᠵᠤ ᠭᠠᠷᠭᠠᠭᠰᠠᠨ ᠨᠢ᠂ ᠡᠨᠡ ᠵᠢᠯ ᠮᠠᠨ ᠤ ᠰᠢᠶᠠᠨ ᠤ ᠥᠯᠵᠡᠶᠢᠲᠦ ᠡᠳᠦᠷ ᠤᠨ ᠪᠠᠶᠠᠷ ᠤᠨ ᠡᠯ᠎ᠡ ᠲᠥᠷᠥᠯ ᠤᠨ ᠠᠵᠢᠯᠯᠠᠭ᠎ᠠ ᠶᠢᠨ ᠲᠠᠯᠠᠪᠤᠷ ᠤᠳᠠᠭ᠎ᠠ ᠨᠢ ᠣᠯᠠᠨ᠂ ᠬᠡᠪᠴᠢᠶ᠎ᠡ ᠨᠢ ᠶᠡᠭᠡ᠂ ᠣᠷᠣᠯᠴᠠᠭᠰᠠᠨ ᠬᠥᠮᠥᠨ ᠤ ᠲᠤᠭ᠎ᠠ ᠨᠢ ᠣᠯᠠᠨ᠂ ᠠᠮᠤᠷ ᠢ ᠬᠠᠮᠠᠭᠠᠯᠠᠬᠤ ᠠᠵᠢᠯ ᠤᠨ ᠳᠠᠷᠤᠭᠠᠰᠤ ᠶᠡᠭᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠰᠥᠯ᠂ ᠪᠡᠯᠡᠳᠭᠡᠯ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠦᠷᠢᠯᠡᠵᠦ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠥᠯᠵᠡᠶᠢᠲᠦ ᠡᠳᠦᠷ ᠤᠨ ᠪᠠᠶᠠᠷ ᠤᠨ ᠡᠯ᠎ᠡ ᠲᠥᠷᠥᠯ ᠤᠨ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ︔ ᠠᠵᠢᠯ ᠤᠨ ᠨᠠᠷᠢᠨ ᠵᠦᠢᠯᠡᠰ ᠢ ᠵᠤᠷᠪᠤᠰ ᠳᠠᠷᠠᠭᠠᠯᠠᠨ ᠡᠮᠬᠢᠯᠡᠵᠦ᠂ ᠪᠠᠭᠤᠷᠠᠢ ᠭᠤᠭᠴᠤᠭ᠎ᠠ ᠶᠢ ᠡᠷᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠴᠠᠭᠳᠠᠭᠠᠨ ᠤ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠭᠤᠣᠯᠳᠠᠯᠭ᠎ᠠ ᠲᠠᠢ ᠵᠠᠮ ᠤᠨ ᠬᠡᠰᠡᠭ ᠲᠤ ᠬᠡᠰᠡᠭᠯᠡᠨ ᠶᠠᠪᠤᠭᠤᠯᠬᠤ᠂ ᠬᠥᠲᠥᠯᠥᠨ ᠵᠢᠯᠤᠭᠤᠳᠴᠤ ᠰᠠᠯᠭᠠᠨ ᠶᠠᠪᠤᠭᠤᠯᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭ᠎ᠠ ᠶᠢ ᠨᠡᠪᠲᠡᠷᠡᠭᠦᠯᠦᠨ ᠵᠢᠯᠤᠭᠤᠳᠴᠤ᠂ ᠵᠠᠮ ᠬᠠᠷᠢᠯᠴᠠᠭᠠᠨ ᠤ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠠᠮᠤᠷ ᠲᠦᠪᠰᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠵᠢᠴᠢ ᠠᠵᠢᠯ ᠤᠨ ᠠᠷᠭ᠎ᠠ ᠬᠡᠮᠵᠢᠶ᠎ᠡ ᠶᠢ ᠦᠨᠡᠨᠬᠦ ᠰᠠᠶᠢᠲᠤᠷ ᠠᠳᠬᠤᠵᠤ ᠪᠣᠳᠠᠲᠠᠢ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠴᠢᠩᠭ᠎ᠠ ᠪᠣᠳᠠᠲᠠᠢ ᠨᠠᠷᠢᠯᠢᠭ ᠠᠬᠢᠭᠤᠯᠵᠤ᠂ ᠪᠦᠬᠦ ᠰᠢᠶᠠᠨ ᠤ ᠠᠷᠠᠳ ᠲᠦᠮᠡᠨ ᠢ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠥᠩᠭᠡᠷᠡᠭᠦᠯᠬᠦ ᠬᠡᠷᠡᠭᠲᠡᠢ ᠭᠡᠵᠡᠢ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶      ᠢᠷᠡᠯᠲᠡ᠄ ᠦᠴᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号