ᠯᠤᠤ ᠵᠢᠯ ᠤᠨ ᠤᠮᠠᠷᠠᠲᠤ ᠬᠢᠯᠢ · ᠵᠣᠯ ᠵᠢᠷᠭᠠᠯᠲᠤ ᠦᠴᠦᠸᠠᠨ — ᠦᠴᠦᠸᠠᠨ ᠰᠢᠶᠠᠨ ᠭᠤᠶᠢᠳᠠ ᠰᠠᠶᠢᠬᠠᠨ ︽ᠥᠯᠵᠡᠶᠢᠲᠦ ᠡᠳᠦᠷ ᠤᠨ ᠪᠠᠶᠠᠷ︾ ᠤᠨ ᠠᠵᠢᠯᠯᠠᠭ᠎ᠠ ᠪᠠᠷ ᠪᠦᠬᠦ ᠰᠢᠶᠠᠨ ᠤ ᠤᠯᠠᠨ ᠲᠦᠮᠡᠨ ᠳᠤ ︽ᠤᠷᠠᠨ ᠰᠠᠶᠢᠬᠠᠨ ᠤ ᠳᠠᠶᠢᠯᠠᠯᠭ᠎ᠠ︾ ᠶᠢ ᠳᠡᠪᠰᠢᠭᠦᠯᠪᠡ
ᠨᠡᠶᠢᠲᠡᠯᠡᠭᠰᠡᠨ ᠴᠠᠭ᠄
2024/2/26
     2 ᠰᠠᠷ᠎ᠠ ᠶᠢᠨ 24 ᠤ ᠡᠳᠦᠷ᠂ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ᠂ ᠦᠴᠦᠸᠠᠨ ᠰᠢᠶᠠᠨ ᠬᠥᠬᠡ ᠡᠷᠭᠢ ᠪᠠᠯᠭᠠᠰᠤᠨ ᠤ ᠲᠧᠩ ᠹᠧᠢ ᠶᠡᠭᠡ ᠵᠠᠮ ᠪᠣᠯᠣᠨ ᠴᠧᠩ ᠰᠢᠶᠠᠩ ᠵᠠᠮ ᠤᠨ ᠠᠭᠤᠯᠵᠠᠷ ᠲᠤ 2024 ᠣᠨ ᠤ ︽ᠯᠤᠤ ᠵᠢᠯ ᠤᠨ ᠤᠮᠠᠷᠠᠲᠤ ᠬᠢᠯᠢ · ᠵᠣᠯ ᠵᠢᠷᠭᠠᠯᠲᠤ ᠦᠴᠦᠸᠠᠨ︾ ᠭᠡᠬᠦ ᠥᠯᠵᠡᠶᠢᠲᠦ ᠡᠳᠦᠷ ᠤᠨ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠠᠮᠵᠢᠯᠲᠠ ᠲᠠᠢ ᠡᠷᠬᠢᠯᠡᠵᠦ᠂ 3 ᠲᠦᠮᠡᠨ ᠬᠥᠮᠥᠨ ᠲᠤᠬᠠᠢ ᠶᠢᠨ ᠲᠠᠯᠠᠪᠠᠢ ᠳᠤ ᠰᠣᠨᠢᠷᠬᠠᠪᠠ᠃
     ︽ᠳᠤᠮᠳᠠᠳᠤ ᠶᠢᠨ ᠭᠡᠷ ᠪᠦᠯᠢ ᠶᠢᠨ ᠰᠡᠭᠦᠳᠡᠷ︾ ︵ᠦᠴᠦᠸᠠᠨ ᠰᠢᠶᠠᠨ ᠤ ᠤᠯᠠᠭᠠᠨᠮᠥ᠋ᠴᠢᠷ  ᠦᠴᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ︶      24 ᠤ ᠡᠳᠦᠷ ᠤᠨ ᠦᠳᠡ ᠶᠢᠨ ᠡᠮᠦᠨ᠎ᠡ᠂ ᠣᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠠᠬᠤᠢ ᠲᠠᠯᠠᠪᠠᠶ ᠳᠤ᠂ 9 ᠰᠢᠶᠠᠩ ᠪᠠᠯᠭᠠᠰᠤᠨ ᠤ ᠶᠠᠩᠭᠠᠷ ᠪᠥᠵᠢᠭ ᠤᠨ ᠲᠣᠭᠯᠠᠯᠲᠠ ᠶᠢᠨ ᠠᠩᠭᠢ ᠪᠠ 2 ᠰᠠᠯᠠᠭ᠎ᠠ ᠮᠥᠴᠢᠷ ᠤᠨ ᠲᠣᠭᠯᠠᠯᠲᠠ ᠶᠢᠨ ᠠᠩᠭᠢ ᠶᠢᠨ 11 ᠤᠯᠠᠮᠵᠢᠯᠠᠯᠲᠤ ᠤᠷᠠᠨ ᠰᠠᠶᠢᠬᠠᠨ ᠤ ᠲᠣᠭᠯᠠᠯᠲᠠ ᠶᠢ ᠲᠥᠪᠯᠡᠷᠡᠭᠦᠯᠦᠨ ᠲᠣᠭᠯᠠᠪᠠ᠃ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ  ᠨᠢ ᠳᠠᠭᠤᠤ ᠪᠥᠵᠢᠭ ︽ᠳᠤᠮᠳᠠᠳᠤ ᠶᠢᠨ ᠭᠡᠷ ᠪᠦᠯᠢ ᠶᠢᠨ ᠰᠡᠭᠦᠳᠡᠷ︾ ᠢᠶᠠᠷ ᠡᠬᠢᠯᠡᠪᠡ᠃
     ᠦᠴᠦᠸᠠᠨ ᠰᠢᠶᠠᠨ ᠤ ᠲᠦᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠲᠥᠯᠥᠭᠡᠯᠡᠭᠰᠡᠨ 4 ᠴᠢᠮᠡᠭᠲᠦ ᠲᠡᠷᠭᠡᠨ ᠤ ᠲᠣᠭᠤᠷᠢᠨ ᠵᠤᠭᠠᠴᠠᠬᠤ ᠠᠩᠭᠢ ᠲᠠᠯᠠᠪᠠᠢ ᠳᠤ ᠣᠷᠣᠵᠤ᠂ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ᠂ ᠰᠣᠶᠣᠯ ᠵᠤᠭᠠᠴᠠᠯ ᠤᠨ ᠠᠵᠤ ᠦᠢᠯᠡᠰ᠂ ᠴᠡᠪᠡᠷ ᠡᠨᠧᠷᠭᠢ ᠶᠢᠨ ᠠᠵᠤ ᠦᠢᠯᠡᠰ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠣᠬᠢᠷᠲᠤᠯ ᠦᠭᠡᠢ ᠨᠡᠭᠡᠭᠡᠨ ᠠᠰᠢᠭᠯᠠᠬᠤ ᠠᠵᠤ ᠦᠢᠯᠡᠰ ᠤᠨ ᠲᠦᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠬᠥᠭᠵᠢᠯᠲᠡ ᠶᠢᠨ ᠦᠷ᠎ᠡ ᠪᠦᠲᠦᠮᠵᠢ ᠪᠣᠯᠣᠨ ᠰᠠᠶᠢᠨ ᠰᠠᠶᠢᠬᠠᠨ ᠢᠷᠡᠭᠡᠳᠦᠢ ᠶᠢ ᠲᠤᠰ ᠲᠤᠰ ᠢᠯᠡᠷᠡᠭᠦᠯᠵᠦ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠪᠦᠬᠦ ᠬᠦᠴᠦᠨ ᠢᠶᠠᠷ ᠢᠶᠠᠨ ︽ᠵᠢᠷᠭᠤᠭᠠᠨ ᠰᠢᠨ᠎ᠡ ᠦᠴᠦᠸᠠᠨ︾ ᠢ ᠪᠦᠲᠦᠭᠡᠨ ᠪᠠᠶᠢᠭᠤᠯᠬᠤ ᠰᠢᠨ᠎ᠡ ᠳᠦᠷᠰᠦ ᠪᠠᠶᠢᠳᠠᠯ ᠢ ᠬᠠᠷᠠᠭᠤᠯᠵᠠᠢ᠃ ᠡᠭᠦᠨ ᠤ ᠳᠠᠷᠠᠭ᠎ᠠ ᠪᠠᠷ ᠣᠯᠠᠨ ᠲᠦᠮᠡᠨ ᠤ ᠪᠠᠭ᠋ᠠᠷᠬᠠᠯ ᠢ ᠲᠠᠲᠠᠭᠰᠠᠨ ᠤᠯᠠᠮᠵᠢᠯᠠᠯᠲᠤ ᠶᠠᠩᠭᠠᠷ ᠪᠥᠵᠢᠭ ᠤᠨ ᠲᠣᠭᠯᠠᠯᠲᠠ ᠬᠤᠶᠢᠨ᠎ᠠ ᠬᠤᠶᠢᠨ᠎ᠠ   ᠠᠴᠠ ᠪᠠᠨ ᠭᠠᠷᠴᠤ᠂ ᠬᠠᠷᠠᠩᠭ᠎ᠠ ᠬᠡᠩᠭᠡᠷᠭᠡ᠂ ᠲᠤᠭ ᠪᠥᠵᠢᠭ᠂ ᠴᠢᠮᠡᠭᠲᠦ ᠣᠩᠭᠤᠴᠠ᠂ ᠮᠣᠳᠣᠨ ᠬᠥᠯᠲᠦ᠂ ᠵᠡᠪᠰᠡᠭ ᠤᠨ ᠡᠷᠳᠡᠮ ᠵᠡᠷᠭᠡ ᠠᠮᠢᠳᠤᠯᠢᠭ ᠰᠠᠶᠢᠬᠠᠨ ᠲᠣᠭᠯᠠᠯᠲᠠ ᠶᠢᠨ ᠬᠡᠯᠪᠡᠷᠢ ᠪᠠᠷ ᠬᠦᠷᠦᠯᠴᠡᠨ ᠢᠷᠡᠭᠰᠡᠨ ᠣᠯᠠᠨ ᠲᠦᠮᠡᠨ ᠤ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃
     ︽ᠰᠡᠦᠬᠡᠨ ᠨᠠᠭᠠᠳᠤᠮ︾ ︵ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶      ᠳ᠋ᠧ ᠱᠧᠩ ᠭᠧᠦ ᠰᠢᠶᠠᠩ ᠤᠨ ᠶᠠᠩᠭᠠᠷ ᠪᠥᠵᠢᠭ ᠤᠨ ᠠᠩᠭᠢ ᠶᠢᠨ ᠠᠪᠴᠢᠷᠠᠭᠰᠠᠨ ᠬᠠᠷᠠᠩᠭ᠎ᠠ ᠬᠡᠩᠭᠡᠷᠭᠡ  ᠶᠢᠨ ᠲᠣᠭᠯᠠᠯᠲᠠ ︽ᠡᠩᠬᠡ ᠲᠠᠶᠢᠪᠤᠩ︾ ᠨᠢ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠪᠢᠰᠬᠠᠯ ᠤᠨ ᠰᠣᠶᠣᠯ ᠤᠨ ᠵᠤᠭᠠᠴᠠᠯ᠂ ᠪᠣᠬᠢᠷᠲᠤᠯ ᠦᠭᠡᠢ ᠡᠮ ᠤᠨ ᠮᠠᠲ᠋ᠧᠷᠢᠶᠠᠯ᠂ ᠠᠮᠢ ᠠᠬᠤᠢ ᠮᠠᠯ ᠠᠵᠤ ᠠᠬᠤᠢ ᠵᠡᠷᠭᠡ ᠭᠤᠷᠪᠠᠨ ᠶᠡᠭᠡ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠬᠦ ᠬᠠᠯᠠᠭᠤᠨ ᠰᠡᠳᠬᠢᠯᠭᠡ ᠪᠠ ᠡᠷᠴᠢ ᠵᠣᠷᠢᠭ ᠢ ᠳᠡᠯᠭᠡᠨ ᠦᠵᠡᠭᠦᠯᠵᠡᠢ᠃ ᠪᠠᠷᠠᠭᠤᠨ ᠤᠯᠠᠭᠠᠨᠪᠤᠯᠠᠭ ᠪᠠᠯᠭᠠᠰᠤᠨ ᠤ ᠶᠠᠩᠭᠠᠷ ᠪᠥᠵᠢᠭ ᠤᠨ ᠠᠩᠭᠢ ᠣᠳᠣ ᠦᠶ᠎ᠡ ᠶᠢᠨ ᠪᠥᠵᠢᠭ ︽ᠬᠠᠪᠤᠷ ᠤᠨ ᠡᠭᠡᠰᠢᠭ︾ ᠵᠢᠴᠢ ᠤᠯᠠᠮᠵᠢᠯᠠᠯᠲᠤ ᠶᠠᠩᠭᠠᠷ ᠪᠥᠵᠢᠭ ᠤᠨ ᠲᠣᠭᠯᠠᠯᠲᠠ ᠶᠢ ᠠᠪᠴᠢᠷᠠᠪᠠ᠂ ᠡᠨᠡ ᠬᠦ ᠡᠩᠨᠡᠭᠡ  ᠨᠢ ᠴᠤᠭ ᠵᠢᠪᠬᠤᠭ᠎ᠠ ᠲᠠᠢ ᠵᠠᠯᠠᠭᠤ ᠬᠥᠮᠥᠰ ᠲᠠᠢ᠂ ᠠᠮᠢᠳᠤᠷᠠᠯ ᠳᠤ ᠪᠠᠨ ᠬᠠᠶᠢᠷᠠᠲᠠᠢ ᠨᠠᠰᠤᠲᠠᠶᠢᠴᠤᠳ ᠲᠠᠢ᠂ ᠠᠵᠢᠯ ᠠᠴᠠ ᠪᠠᠨ ᠪᠠᠭᠤᠵᠤ ᠠᠮᠠᠷᠠᠭᠰᠠᠨ ᠨᠠᠮ ᠤᠨ ᠭᠡᠰᠢᠭᠦᠨ ᠲᠠᠢ᠂ ᠲᠡᠳᠡ ᠤᠯᠠᠮᠵᠢᠯᠠᠯᠲᠤ ᠶᠠᠩᠭᠠᠷ ᠪᠥᠵᠢᠭ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠣᠳᠣ ᠦᠶ᠎ᠡ  ᠶᠢᠨ ᠪᠥᠵᠢᠭ ᠢᠶᠠᠷ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ ᠮᠥᠷᠥᠭᠡᠳᠦᠯ ᠢᠶᠠᠨ ᠢᠯᠡᠳᠬᠡᠵᠦ᠂ ᠪᠠᠶᠠᠷ ᠪᠠᠶᠠᠰᠬᠤᠯᠠᠩ ᠲᠠᠢ ᠪᠥᠵᠢᠭ ᠤᠨ ᠳᠦᠷᠢ ᠪᠠᠷ ᠰᠢᠨ᠎ᠡ ᠴᠠᠭ ᠦᠶ᠎ᠡ ᠰᠢᠨ᠎ᠡ ᠬᠥᠳᠡᠭᠡ ᠲᠣᠰᠬᠤᠨ ᠤ ᠰᠢᠨ᠎ᠡ ᠠᠮᠢᠳᠤᠷᠠᠯ ᠢ ᠳᠡᠯᠭᠡᠨ ᠦᠵᠡᠭᠦᠯᠵᠦ᠂ ᠪᠢᠳᠡᠨ ᠳᠤ ᠪᠠᠶᠠᠨ ᠴᠢᠨᠡᠭᠡᠯᠢᠭ ᠠᠮᠢᠳᠤᠷᠠᠯ ᠲᠠᠢ ᠵᠣᠯ ᠵᠢᠷᠭᠠᠯ ᠲᠠᠢ ᠰᠢᠨ᠎ᠡ ᠬᠠᠭᠤᠳᠠᠰᠤ ᠶᠢ ᠵᠢᠷᠤᠭᠯᠠᠵᠤ᠂ ᠲᠤᠬᠠᠢ ᠶᠢᠨ ᠲᠠᠯᠠᠪᠠᠢ ᠳᠤ ᠪᠠᠷᠠᠭᠤᠨ ᠣᠷᠣᠨ ᠤ ᠰᠢᠶᠠᠩ ᠪᠠᠯᠭᠠᠰᠤ ᠶᠢᠨ ᠨᠣᠶᠢᠯ ᠪᠤᠭᠤᠳᠠᠢ ᠪᠠᠷ ᠭᠤᠣᠯ ᠪᠣᠯᠭᠠᠭᠰᠠᠨ ᠣᠨᠴᠠᠯᠢᠭᠲᠤ ᠲᠠᠷᠢᠶᠠᠯᠠᠩ ᠤᠨ ᠲᠣᠭᠲᠠᠭᠤᠨ ᠢᠶᠠᠷ ᠬᠥᠭᠵᠢᠬᠦ᠂ ᠠᠷᠢᠭᠤᠨ ᠴᠡᠪᠡᠷ ᠡᠨᠧᠷᠭᠢ ᠪᠠᠷ ᠭᠤᠣᠯ ᠴᠣᠭᠴᠠ ᠪᠣᠯᠭᠠᠭᠰᠠᠨ ᠤᠳᠤ ᠦᠶ᠎ᠡ ᠶᠢᠨ ᠠᠵᠤ ᠦᠢᠯᠡᠰ ᠨᠢᠰᠬᠦ ᠮᠡᠲᠦ ᠲᠦᠷᠭᠡᠨ ᠬᠥᠭᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠰᠠᠭᠤᠷᠢ ᠪᠣᠯᠭᠠᠭᠰᠠᠨ ᠠᠷᠠᠳ ᠤᠨ ᠠᠮᠢᠳᠤᠷᠠᠯ ᠤᠨ ᠦᠢᠯᠡᠰ ᠥᠷᠨᠢᠩᠭᠦᠢ ᠬᠥᠭᠵᠢᠬᠦ ᠶᠢ ᠬᠠᠮᠲᠤ ᠳᠤᠨᠢ ᠳᠡᠯᠭᠡᠨ ᠦᠵᠡᠭᠦᠯᠵᠡᠢ᠃
     ᠬᠠᠷᠠᠩᠭ᠎ᠠ ᠬᠡᠩᠭᠡᠷᠭᠡ  ᠶᠢᠨ ᠲᠣᠭᠯᠠᠯᠲᠠ ︽ᠡᠩᠬᠡ ᠲᠠᠶᠢᠪᠤᠩ︾ ︵ᠦᠴᠦᠸᠠᠨ ᠰᠢᠶᠠᠨ ᠤ ᠳ᠋ᠧ ᠱᠧᠩ ᠭᠧᠦ ᠰᠢᠶᠠᠩ︶      ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ᠂ ᠦᠴᠦᠸᠠᠨ ᠰᠢᠶᠠᠨ ᠪᠠᠰᠠ ᠪᠤᠰᠤᠳ ᠤᠯᠠᠨ ᠲᠦᠮᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠬᠤᠸᠠᠷ ᠫᠤᠤᠵᠢᠩ ᠤᠨ ᠦᠵᠡᠰᠬᠦᠯᠡᠩ᠂ ᠴᠡᠴᠡᠷᠯᠢᠭ ᠢᠶᠠᠷ ᠵᠤᠭᠠᠴᠠᠬᠤ ᠳ᠋ᠧᠩᠯᠦ ᠶᠢᠨ ᠴᠤᠭᠯᠠᠭᠠᠨ᠂ ᠱᠠᠩᠨᠠᠯ ᠲᠠᠢ ᠣᠨᠢᠰᠤᠭ᠎ᠠ ᠲᠠᠭᠠᠬᠤ᠂ ᠵᠢᠦ ᠴᠢᠦᠢ ᠪᠠᠷ ᠵᠤᠭᠠᠴᠠᠬᠤ ᠵᠡᠷᠭᠡ ᠰᠢᠷᠢᠰ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠪᠦᠬᠦ ᠰᠢᠶᠠᠨ ᠤ ᠤᠯᠠᠨ ᠲᠦᠮᠡᠨ ᠳᠤ ᠥᠯᠵᠡᠶᠢᠲᠦ ᠡᠳᠦᠷ ᠤᠨ ᠪᠠᠶᠠᠷ ᠤᠨ ︽ᠤᠷᠠᠨ ᠰᠠᠶᠢᠬᠠᠨ ᠤ ᠳᠠᠶᠢᠯᠠᠯᠭ᠎ᠠ︾ ᠶᠢ ᠭᠤᠶᠢᠳᠠ ᠰᠠᠶᠢᠬᠠᠨ ᠡᠳ᠋ᠯᠡᠭᠦᠯᠵᠦ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠤᠭᠰᠠᠨ ᠪᠠᠶᠢᠨ᠎ᠠ᠃
     ︽ᠯᠣᠣ ᠳᠡᠭᠳᠡᠨ ᠠᠷᠰᠯᠠᠨ ᠳᠡᠪᠬᠡᠷᠦᠨ ᠪᠠᠳᠠᠷᠠᠯᠲᠤ ᠴᠠᠭ ᠦᠶ᠎ᠡ ᠶᠢ ᠤᠭᠲᠤᠬᠤ ᠨᠢ︾ ︵ᠦᠴᠦᠸᠠᠨ ᠰᠢᠶᠠᠨ ᠤ ᠡᠯ ᠹᠧᠨ ᠽᠢ ᠰᠢᠶᠠᠩ︶
     ︽ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠠᠶᠠᠷᠯᠠᠨ ᠪᠡᠯᠭᠡᠯᠡᠬᠦ︾ ︵ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠰᠢᠶᠠᠩ︶
     ︽ᠬᠠᠪᠤᠷ ᠤᠨ ᠡᠭᠡᠰᠢᠭ︾ ︵ᠦᠴᠦᠸᠠᠨ ᠰᠢᠶᠠᠨ ᠤ ᠪᠠᠷᠠᠭᠤᠨ ᠤᠯᠠᠭᠠᠨᠪᠤᠯᠠᠭ ᠪᠠᠯᠭᠠᠰᠤ︶
     ︽ᠯᠦᠩ ᠲᠧᠩ ᠰᠢ ᠬᠠᠢ︾ ︵ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ︶
     ︽ᠡᠯᠪᠡᠭ ᠬᠤᠷᠢᠶᠠᠯᠲᠠ ᠲᠠᠢ ᠵᠢᠯ ᠢ ᠪᠠᠶᠠᠷᠯᠠᠨ ᠪᠡᠯᠭᠡᠯᠡᠬᠦ ᠨᠢ︾ ︵ᠦᠴᠦᠸᠠᠨ ᠰᠢᠶᠠᠨ ᠤ ᠬᠥᠬᠡ ᠡᠷᠭᠢ ᠪᠠᠯᠭᠠᠰᠤ︶
     ︽ᠨᠣᠣ ᠭᠡᠸ᠋︾ ︵ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ︶
     ︽ᠤᠯᠠᠮᠵᠢᠯᠠᠯᠲᠤ ᠲᠦᠢᠮᠡᠷ ᠤᠨ ᠦᠵᠡᠭᠦᠯᠦᠯᠭᠡ︾ ︵ᠦᠴᠦᠸᠠᠨ ᠰᠢᠶᠠᠨ ᠤ ᠬᠠᠷ᠎ᠠ ᠬᠤᠰᠢᠭᠤ ᠰᠢᠶᠠᠩ︶
     ︽ᠰᠠᠶᠢᠨ ᠡᠬᠢᠯᠡᠯᠲᠡ︾ ︵ᠦᠴᠦᠸᠠᠨ ᠰᠢᠶᠠᠨ ᠤ ᠬᠠᠷᠠᠭᠤᠯ ᠪᠠᠯᠭᠠᠰᠤ︶
     ︽ᠨᠡᠷᠡᠨ ᠵᠠᠮ︾ ︵ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号