2023 ᠣᠨ ᠳᠤ ᠪᠦᠭᠦ ᠣᠷᠣᠨ ᠤ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ 2574.4 | ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 2.6% ᠪᠠᠷ ᠨᠡᠮᠡᠭᠳᠡᠪᠡ᠃ | ᠠᠶᠢᠮᠠᠭ ᠬᠤᠳᠠ ᠶᠢᠨ ᠬᠤᠪᠢ ᠳᠤ᠂ 2023 ᠣᠨ ᠳᠤ ᠭᠦᠭᠡᠬᠤᠳᠠ᠂ ᠪᠤᠭᠤᠲᠤ᠂ ᠣᠷᠳᠣᠰ ᠭᠤᠷᠪᠠᠨ | ᠬᠤᠳᠠ ᠶᠢᠨ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ ᠲᠤᠰ ᠲᠤᠰ 264.6 ᠳ᠋ᠦᠩᠰᠢᠭᠤᠷ ᠲᠥᠭᠦᠷᠢᠭ᠂ | 208.6 ᠳ᠋ᠦᠩᠰᠢᠭᠤᠷ ᠲᠥᠭᠦᠷᠢᠭ᠂ 1364.6 ᠳ᠋ᠦᠩᠰᠢᠭᠤᠷ ᠲᠥᠭᠦᠷᠢᠭ ᠪᠠᠶᠢᠵᠤ᠂ ᠲᠤᠰ ᠲᠤᠰ ᠪᠦᠭᠦ ᠣᠷᠣᠨ ᠤ | ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ ᠶᠢᠨ 10.2%᠂ 8.1%᠂ 53% ᠶᠢ ᠡᠵᠡᠯᠡᠪᠡ᠃ ᠪᠤᠰᠤᠳ | ᠠᠶᠢᠮᠠᠭ ᠬᠤᠳᠠ ᠶᠢᠨ ᠲᠦᠷᠦᠭᠦᠦ 11 ᠰᠠᠷ᠎ᠠ ᠶᠢᠨ ᠠᠵᠤ ᠦᠢᠯᠡᠳᠪᠦᠷᠢ ᠶᠢᠨ ᠭᠠᠶᠢᠯᠢ ᠶᠢᠨ ᠤᠷᠤᠯᠭ᠎ᠠ ᠶᠢ ᠶᠡᠭᠡ | ᠠᠴᠠ ᠪᠠᠭ᠎ᠠ ᠲᠡᠶᠢᠰᠢ ᠵᠢᠭᠰᠠᠭᠠᠪᠠᠯ᠂ ᠰᠢᠯᠢ ᠶᠢᠨ ᠭᠤᠣᠯ ᠠᠶᠢᠮᠠᠭ 148.3 ᠳ᠋ᠦᠩᠰᠢᠭᠤᠷ ᠲᠥᠭᠦᠷᠢᠭ᠂ ᠬᠥᠯᠥᠨ | ᠪᠤᠶᠢᠷ ᠬᠤᠳᠠ 135.8 ᠳ᠋ᠦᠩᠰᠢᠭᠤᠷ ᠲᠥᠭᠦᠷᠢᠭ᠂ ᠦᠬᠠᠢ ᠬᠤᠳᠠ 103.7 ᠳ᠋ᠦᠩᠰᠢᠭᠤᠷ ᠲᠥᠭᠦᠷᠢᠭ᠂ | ᠲᠦᠩᠯᠢᠶᠣᠣ ᠬᠤᠳᠠ 78.8 ᠳ᠋ᠦᠩᠰᠢᠭᠤᠷ ᠲᠥᠭᠦᠷᠢᠭ᠂ ᠤᠯᠠᠭᠠᠨᠬᠠᠳᠠ ᠬᠤᠳᠠ 67.1 ᠳ᠋ᠦᠩᠰᠢᠭᠤᠷ ᠲᠥᠭᠦᠷᠢᠭ᠂ | ᠪᠠᠶᠠᠨᠨᠠᠭᠤᠷ ᠠᠶᠢᠮᠠᠭ 63.8 ᠳ᠋ᠦᠩᠰᠢᠭᠤᠷ ᠲᠥᠭᠦᠷᠢᠭ᠂ ᠤᠯᠠᠭᠠᠨᠴᠠᠪ ᠬᠤᠳᠠ 52 ᠳ᠋ᠦᠩᠰᠢᠭᠤᠷ ᠲᠥᠭᠦᠷᠢᠭ᠂ | ᠬᠢᠩᠭᠠᠨ ᠠᠶᠢᠮᠠᠭ 51.7 ᠳ᠋ᠦᠩᠰᠢᠭᠤᠷ ᠲᠥᠭᠦᠷᠢᠭ᠂ ᠠᠯᠠᠱᠠ ᠠᠶᠢᠮᠠᠭ 35.4 ᠳ᠋ᠦᠩᠰᠢᠭᠤᠷ ᠲᠥᠭᠦᠷᠢᠭ | ᠪᠣᠯᠣᠨ᠎ᠠ᠃ | ᠠᠵᠢᠯ ᠲᠦᠷᠦᠯ ᠤᠨ ᠬᠤᠪᠢ ᠳᠤ᠂ 2023 ᠣᠨ ᠤ ᠲᠦᠷᠦᠭᠦᠦ 11 ᠰᠠᠷ᠎ᠠ ᠳᠤ ᠪᠦᠭᠦ ᠣᠷᠣᠨ ᠤ | ᠠᠭᠤᠷᠬᠠᠢ ᠶᠢᠨ ᠦᠢᠯᠡᠰ 1633.5 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ | ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠪᠠ; ᠦᠢᠯᠡᠳᠬᠦ ᠦᠢᠯᠡᠰ 700.6 ᠳ᠋ᠦᠩᠰᠢᠭᠤᠷ | ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 22.1% ᠪᠠᠷ | ᠨᠡᠮᠡᠭᠳᠡᠪᠡ;ᠲᠡᠮᠦᠷᠯᠢᠭ ᠪᠤᠰᠤ ᠡᠷᠦᠳᠡᠰᠦ ᠪᠦᠲᠦᠭᠡᠭᠳᠡᠬᠦᠨ ᠤ ᠦᠢᠯᠡᠰ 76.4 ᠳ᠋ᠦᠩᠰᠢᠭᠤᠷ ᠲᠥᠭᠦᠷᠢᠭ ᠤᠨ | ᠭᠠᠶᠢᠯᠢ ᠲᠤᠰᠢᠶᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 141.8% ᠪᠠᠷ ᠨᠡᠮᠡᠭᠳᠡᠪᠡ; | ᠬᠠᠷ᠎ᠠ ᠥᠩᠭᠡᠲᠦ ᠲᠡᠮᠦᠷᠯᠢᠭ ᠢ ᠪᠣᠯᠪᠠᠰᠤᠷᠠᠭᠤᠯᠤᠨ ᠬᠡᠪᠰᠢᠭᠦᠯᠬᠦ ᠠᠵᠤ ᠦᠢᠯᠡᠳᠪᠦᠷᠢ 49.7 ᠳ᠋ᠦᠩᠰᠢᠭᠤᠷ | ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 21.3% ᠪᠠᠷ | ᠨᠡᠮᠡᠭᠳᠡᠪᠡ; ᠥᠩᠭᠡᠲᠦ ᠲᠡᠮᠦᠷᠯᠢᠭ ᠢ ᠪᠣᠯᠪᠠᠰᠤᠷᠠᠭᠤᠯᠤᠨ ᠬᠡᠪᠰᠢᠭᠦᠯᠬᠦ ᠠᠵᠤ ᠦᠢᠯᠡᠳᠪᠦᠷᠢ 69.4 ᠳ᠋ᠦᠩᠰᠢᠭᠤᠷ | ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 28.9% ᠪᠠᠷ | ᠨᠡᠮᠡᠭᠳᠡᠪᠡ᠃ ᠴᠠᠭᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ | ᠬᠠᠩᠭᠠᠯᠭ᠎ᠠ ᠶᠢᠨ ᠦᠢᠯᠡᠰ 240.3 ᠳ᠋ᠦᠩᠰᠢᠭᠤᠷ ᠲᠥᠭᠦᠷᠢᠭ ᠤᠨ ᠭᠠᠶᠢᠯᠢ ᠲᠤᠰᠢᠶᠠᠵᠤ᠂ 2022 ᠣᠨ ᠤ | ᠠᠳᠠᠯᠢ ᠬᠤᠭᠤᠴᠠᠭᠠᠨ ᠤ ᠬᠢ ᠠᠴᠠ 92.6% ᠪᠠᠷ ᠨᠡᠮᠡᠭᠳᠡᠪᠡ᠃ | | | |