ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ 200 ᠭᠠᠷᠤᠢ ᠲᠦᠮᠡᠨ ᠡᠷᠦᠭᠡ ᠢᠲᠡᠭᠡᠮᠵᠢ ᠪᠠᠷ ᠵᠢᠭᠡᠯᠡᠯᠭᠡ ᠠᠪᠴᠤ ᠪᠤᠯᠬᠤ ᠪᠣᠯᠪᠠ
ᠨᠡᠶᠢᠲᠡᠯᠡᠭᠰᠡᠨ ᠴᠠᠭ᠄
2024/2/26
     ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢ ᠬᠠᠮᠤᠭ ᠤᠨ ᠠᠷᠪᠢᠨ ᠳᠠᠭᠠᠨ 500 ᠲᠦᠮᠡᠨ ᠲᠥᠭᠦᠷᠢᠭ ᠵᠢᠭᠡᠯᠡᠵᠦ ᠪᠣᠯᠣᠨ᠎ᠠ      ︽ᠦᠨᠡᠬᠡᠷ ᠪᠠᠴᠢᠮ ᠪᠠᠶᠢᠳᠠᠯ ᠢ ᠰᠢᠢᠳᠪᠦᠷᠢᠯᠡᠵᠡᠢ︕ ᠪᠠᠲᠤᠯᠠᠭ᠎ᠠ ᠪᠡᠷᠢᠴᠠᠭᠠᠨ ᠤ ᠠᠰᠠᠭᠤᠳᠠᠯ ᠦᠭᠡᠢ ᠮᠥᠷᠲᠡᠭᠡᠨ ᠬᠦᠦ ᠮᠥᠩᠭᠦ ᠶᠢᠨ ᠨᠤᠷᠮ᠎ᠠ ᠴᠦ ᠳᠣᠣᠷ᠎ᠠ᠂ ᠰᠦᠯᠵᠢᠶᠡᠨ ᠳᠡᠭᠡᠷ᠎ᠡ ᠭᠤᠶᠤᠴᠢᠯᠠᠪᠠᠯ ᠬᠠᠮᠤᠭ ᠤᠨ ᠬᠤᠷᠳᠤᠨ ᠳᠠᠭᠠᠨ 30 ᠮᠢᠨᠦ᠋ᠲ ᠤᠨ ᠳᠣᠲᠣᠷ᠎ᠠ ᠵᠢᠭᠡᠯᠡᠯᠭᠡ ᠲᠠᠯᠪᠢᠨ᠎ᠠ ᠁︾ 2 ᠰᠠᠷ᠎ᠠ ᠶᠢᠨ 22 ᠤᠨ ᠡᠳᠦᠷ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢ ᠶᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠬᠦ ᠵᠢᠴᠢ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠰᠦᠯᠵᠢᠶᠡᠨ ᠳᠤ ᠭᠠᠷᠭᠠᠬᠤ ᠶᠣᠰᠣᠯᠠᠯ ᠳᠡᠭᠡᠷ᠎ᠡ᠂ ᠭᠦᠭᠡᠬᠤᠲᠠ ᠶᠢᠨ ᠲᠦᠷᠦᠭᠦᠤ ᠪᠦᠯᠦᠭ 10 ᠲᠦᠮᠡᠨ ᠲᠥᠭᠦᠷᠢᠭ ᠤᠨ ᠵᠢᠭᠡᠯᠡᠯᠭᠡ ᠣᠯᠣᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠵᠡᠩᠨᠡᠭᠴᠢ ᠶᠢᠨ ᠴᠢᠶᠠᠩ ᠰᠡᠳᠬᠢᠯ ᠳᠣᠭᠳᠣᠯᠤᠨ ᠬᠡᠯᠡᠨ᠎ᠡ᠃      ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠢ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠠᠮᠤᠭ  ᠤᠨ ᠰᠠᠭᠤᠷᠢ ᠪᠦᠷᠢᠯᠳᠦᠭᠦᠨ ᠪᠠᠶᠢᠵᠤ᠂ ᠠᠵᠤ ᠠᠬᠤᠢ ᠶᠢᠨ ᠦᠨᠳᠦᠰᠦᠨ ᠪᠠᠶᠢᠳᠠᠯ ᠤᠨ ᠢᠲᠡᠭᠡᠯ ᠵᠣᠷᠢᠭ ᠪᠠ ᠤᠶᠠᠨ ᠬᠠᠲᠠᠨ ᠴᠢᠨᠠᠷ ᠢ ᠢᠯᠡᠷᠡᠭᠦᠯᠵᠦ ᠪᠠᠶᠢᠳᠠᠭ᠃ ᠣᠳᠣᠬᠠᠨ ᠳᠤ᠂ ᠮᠠᠨ ᠤ ᠣᠷᠣᠨ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠨᠡᠶᠢᠲᠡ 201.98 ᠲᠦᠮᠡ ᠪᠠᠶᠢᠵᠤ᠂ ᠪᠦᠭᠦ ᠣᠷᠣᠨ ᠤ ᠡᠵᠡᠩᠨᠡᠯᠲᠡ ᠶᠢᠨ ᠭᠤᠣᠯ ᠴᠣᠭᠴᠠ ᠶᠢᠨ ᠲᠤᠯᠤᠭᠠᠨ ᠬᠤᠪᠢ ᠠᠴᠠ ᠳᠡᠭᠡᠭᠰᠢᠬᠢ ᠶᠢ ᠡᠵᠡᠯᠡᠵᠦ᠂ ᠲᠡᠳᠡᠨ ᠤ ᠡᠵᠡᠩᠨᠡᠯᠲᠡ ᠬᠥᠭᠵᠢᠯᠲᠡ ᠶᠢᠨ ᠳᠤᠮᠳᠠᠬᠢ ᠬᠠᠮᠤᠭ ᠤᠨ ᠪᠣᠳᠠᠲᠠᠢ ᠬᠠᠮᠤᠭ ᠤᠨ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯ ᠪᠡᠯᠡ ᠮᠥᠩᠭᠦ ᠶᠢᠨ ᠠᠰᠠᠭᠤᠳᠠᠯ ᠶᠤᠮ᠃      ᠡᠳᠡᠭᠡᠷ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠰᠡᠳᠬᠢᠯ ᠲᠠᠯᠪᠢᠨ ᠠᠷᠭ᠎ᠠ ᠰᠦᠪᠡᠭᠴᠢᠯᠡᠵᠦ᠂ ᠬᠠᠮᠲᠤ ᠪᠠᠷ ᠴᠢᠷᠮᠠᠶᠢᠨ᠂ ᠨᠠᠩ ᠣᠯᠠᠨ ᠬᠤᠪᠢ  ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠠᠰᠢᠭ ᠬᠦᠷᠲᠡᠭᠡᠬᠦ᠂ ᠨᠠᠩ ᠳᠣᠣᠷ᠎ᠠ ᠥᠪᠡᠷ ᠤᠨ ᠦᠷᠳᠡᠭ ᠢᠶᠠᠷ ᠵᠢᠭᠡᠯᠡᠯᠭᠡ ᠣᠯᠬᠤ ᠡᠨᠡ ᠬᠦ ᠲᠦᠭᠡᠮᠡᠯ ᠬᠠᠷᠠᠭᠠᠯᠵᠠᠯ ᠤᠨ ᠴᠢᠨᠠᠷᠲᠠᠢ ᠪᠠᠷᠢᠮᠵᠢᠶ᠎ᠠ ᠠᠴᠠ ᠭᠠᠷᠳᠠᠵᠤ᠂ ᠪᠠᠶᠢᠳᠠᠯ ᠳᠤᠨᠢ ᠲᠣᠬᠢᠷᠠᠭᠰᠠᠨ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠢ ᠰᠤᠳᠤᠯᠤᠨ ᠲᠣᠭᠲᠠᠭᠠᠵᠤ᠂ ᠪᠡᠷᠢᠴᠠᠭᠠᠨ ᠤ ᠡᠳ᠋ ᠴᠥᠭᠡᠨ᠂ ᠬᠦᠦ ᠮᠥᠩᠭᠦ ᠶᠢᠨ ᠨᠣᠷᠮ᠎ᠠ ᠥᠨᠳᠥᠷ᠂ ᠶᠠᠪᠤᠴᠠ ᠣᠯᠠᠨ ᠵᠡᠷᠭᠡ ᠪᠠᠶᠢᠳᠠᠯ ᠠᠴᠠ ᠪᠣᠯᠤᠭᠰᠠᠨ ᠪᠡᠯᠡ ᠬᠤᠷᠠᠮᠳᠤᠭᠤᠯᠬᠤ ᠬᠦᠴᠢᠷ ᠠᠰᠠᠭᠤᠳᠠᠯ ᠢ ᠣᠨᠣᠴᠠᠲᠠᠢ ᠪᠠᠷ ᠨᠠᠮᠳᠠᠭᠤᠯᠵᠤ᠂ ᠢᠲᠡᠭᠡᠮᠵᠢ ᠪᠠᠷ ᠴᠢᠳᠠᠮᠵᠢ ᠣᠯᠭᠤᠬᠤ ᠠᠷᠭ᠎ᠠ ᠮᠠᠶ᠋ᠢᠭ ᠢᠶᠠᠷ ᠢᠲᠡᠭᠡᠮᠵᠢᠲᠦ ᠵᠢᠭᠡᠯᠡᠯᠭᠡ ᠶᠢᠨ ᠲᠡᠳᠬᠦᠮᠵᠢ ᠶᠢ ᠬᠡᠷᠡᠭᠵᠢᠭᠦᠯᠵᠦ᠂ ᠬᠤᠪᠢ ᠶᠢᠨ ᠠᠵᠤ ᠠᠬᠤᠢ  ᠶᠢᠨ ᠬᠥᠭᠵᠢᠯᠲᠡ ᠳᠤ ᠠᠮᠢᠵᠢᠷᠠᠯ ᠤᠨ ᠬᠦᠴᠦᠨ ᠣᠯᠭᠤᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠳᠤ ᠰᠠᠭᠤᠷᠢᠯᠠᠨ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠮᠬᠢᠯᠡᠨ ᠨᠡᠶᠢᠳᠬᠡᠵᠦ᠂ ᠢᠲᠡᠭᠡᠮᠵᠢ ᠶᠢᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ 3 ᠲᠠᠰ ᠤᠨ 30 ᠲᠤᠭ᠎ᠠ ᠪᠠᠷᠢᠮᠲᠠ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠣᠬᠢᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠢᠲᠡᠭᠡᠮᠵᠢ ᠶᠢᠨ ᠦᠨᠡᠯᠡᠯᠲᠡ ᠬᠢᠬᠦ ᠶᠢᠨ ᠬᠠᠮᠲᠤ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤ ᠪᠠᠷ ᠡᠳ᠋ᠯᠡᠬᠦ ᠪᠣᠯᠣᠨ᠎ᠠ᠃ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ  ᠶᠢᠨ ᠢᠲᠡᠭᠡᠮᠵᠢᠲᠦ ᠵᠢᠭᠡᠯᠡᠯᠭᠡ︾ ᠭᠡᠳᠡᠭ ᠨᠢ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠠᠷᠢᠮᠵᠢᠶ᠎ᠠ ᠪᠤᠯᠭᠠᠵᠤ᠂ ᠢᠲᠡᠭᠡᠮᠵᠢ ᠳᠤ ᠲᠦᠰᠢᠭᠯᠡᠬᠦ᠂ ᠪᠠᠷᠢᠴᠠᠭ᠎ᠠ ᠦᠭᠡᠢ᠂ ᠪᠠᠲᠤᠯᠠᠨ ᠳᠠᠭᠠᠭᠠᠯᠲᠠ ᠦᠭᠡᠢ᠂ ᠰᠦᠯᠵᠢᠶᠡᠨ ᠳᠡᠭᠡᠷ᠎ᠡ ᠭᠦᠢᠴᠡᠳᠬᠡᠬᠦ ᠠᠷᠭ᠎ᠠ ᠮᠠᠶ᠋ᠢᠭ ᠢ ᠠᠪᠴᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠬᠠᠩᠭᠠᠵᠤ᠂ ᠢᠲᠡᠭᠡᠮᠵᠢ ᠶᠢ ᠦᠨᠡᠨ ᠬᠦ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ  ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠲᠠᠷᠠᠭᠠᠴᠢ ᠶᠢᠨ ᠠᠯᠬᠤᠮ ᠳᠤ᠂ ᠮᠠᠨ ᠤ ᠣᠷᠣᠨ ᠲᠤᠷᠰᠢᠯᠲᠠ ᠶᠢᠨ ᠴᠡᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳ᠋ᠦᠩᠨᠡᠨ ︽ᠥᠪᠥᠷ ᠮᠣᠩᠭᠤᠯ ᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢᠲᠦ ᠵᠢᠭᠡᠯᠡᠯᠭᠡ︾ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠨᠠᠩ ᠣᠯᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠶᠢᠴᠢᠯᠠᠨ ᠣᠷᠣᠯᠴᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠨᠠᠩ ᠶᠡᠭᠡ ᠪᠠᠷ ᠠᠰᠢᠭ ᠬᠦᠷᠲᠡᠭᠡᠬᠦ ᠪᠣᠯᠣᠨ᠎ᠠ᠃ ᠡᠭᠦᠨ ᠤ ᠬᠠᠮᠲᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠢᠲᠡᠭᠡᠮᠵᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠲᠡᠭᠡᠮᠵᠢᠲᠦ ᠪᠡᠯᠡ ᠲᠣᠬᠢᠷᠠᠭᠤᠯᠭ᠎ᠠ ᠶᠢᠨ ᠴᠢᠭᠯᠡᠯ ᠤᠨ ᠴᠢᠨᠠᠷᠲᠠᠢ ᠵᠢᠯᠣᠭᠤᠳᠤᠯᠭ᠎ᠠ ᠪᠠᠷ ᠳᠠᠮᠵᠢᠭᠤᠯᠤᠨ᠂ ᠥᠷᠭᠡᠨ ᠣᠯᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢ ᠳᠠᠶᠢᠴᠢᠯᠠᠨ ᠦᠨᠡᠨᠴᠢ ᠢᠲᠡᠭᠡᠮᠵᠢᠲᠡᠢ ᠡᠵᠡᠩᠨᠡᠬᠦ᠂ ᠬᠠᠤᠯᠢ ᠶᠢ ᠵᠢᠷᠤᠮᠯᠠᠨ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠤᠨ᠎ᠠ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号