ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ 54 ᠲᠦᠮᠡᠨ ᠠᠶᠠᠨᠴᠢᠨ ᠵᠥᠭᠡᠭᠡᠪᠦᠷᠢᠯᠡᠵᠡᠢ
ᠨᠡᠶᠢᠲᠡᠯᠡᠭᠰᠡᠨ ᠴᠠᠭ᠄
2024/2/26
     ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠳᠤ ᠬᠠᠷᠢᠶᠠᠯᠠᠭᠳᠠᠬᠤ ᠡᠯ᠎ᠡ ᠨᠢᠰᠬᠡᠯ ᠤᠨ ᠪᠠᠭᠤᠳᠠᠯ ᠨᠢ ᠨᠡᠶᠢᠳᠡ 5245 ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠶᠢ ᠪᠠᠲᠤᠯᠠᠨ᠂ 54 ᠲᠦᠮᠡᠨ ᠠᠶᠠᠨᠴᠢᠨ ︵ᠤᠳᠠᠭ᠎ᠠ︶ ᠵᠥᠭᠡᠭᠡᠪᠦᠷᠢᠯᠡᠵᠦ᠂ ᠲᠤᠰᠪᠤᠷᠢ 2019 ᠣᠨ ᠤ ᠠᠳᠠᠯᠢ ᠬᠤᠭᠤᠴᠠᠭᠠᠨ ᠤ ᠬᠢ ᠠᠴᠠ 119% ᠪᠠ 113% ᠪᠠᠷ ᠨᠡᠮᠡᠭᠳᠡᠵᠡᠢ᠃      ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠨᠢ ᠨᠡᠶᠢᠲᠡ 2865 ᠡᠭᠡᠯᠵᠢ ᠶᠢᠨ ᠨᠢᠰᠬᠡᠯ ᠤᠨ ᠨᠢᠰᠴᠦ ᠪᠠᠭᠤᠬᠤ ᠶᠢ ᠪᠠᠲᠤᠯᠠᠨ᠂ 27 ᠲᠦᠮᠡᠨ ᠠᠶᠠᠨᠴᠢᠨ ︵ᠤᠳᠠᠭ᠎ᠠ︶ ᠵᠥᠭᠡᠭᠡᠪᠦᠷᠢᠯᠡᠪᠡ᠃ ᠡᠭᠦᠨ ᠳᠤ ᠬᠥᠯᠥᠨ ᠪᠤᠶᠢᠷ᠂ ᠤᠯᠠᠭᠠᠨᠬᠠᠳᠠ᠂ ᠰᠢᠯᠢᠩᠬᠤᠲᠠ᠂ ᠤᠯᠠᠭᠠᠨᠬᠤᠲᠠ᠂ ᠲᠦᠩᠯᠢᠶᠣᠣ᠂ ᠦᠬᠠᠢ᠂ ᠡᠷᠢᠶᠡᠨ ᠬᠤᠲᠠ᠂ ᠵᠠᠯᠠᠨ ᠠᠶᠢᠯ ᠵᠡᠷᠭᠡ 8 ᠰᠠᠯᠪᠤᠷᠢ ᠱᠤᠭᠤᠮ ᠤᠨ ᠨᠢᠰᠬᠡᠯ  ᠤᠨ ᠪᠠᠭᠤᠳᠠᠯ ᠤᠨ ᠠᠶᠠᠨᠴᠢᠨ ᠤ ᠵᠥᠭᠡᠭᠡᠪᠦᠷᠢ ᠶᠢᠨ ᠬᠡᠮᠵᠢᠶ᠎ᠡ ᠨᠢ ᠴᠥᠮ 2019 ᠣᠨ ᠤ ᠠᠳᠠᠯᠢ ᠬᠤᠭᠤᠴᠠᠭᠠᠨ  ᠤ ᠬᠢ ᠠᠴᠠ ᠳᠠᠪᠠᠵᠠᠢ᠃ ᠠᠶᠠᠨᠴᠢᠳ ᠤᠨ ᠪᠠᠶᠢᠳᠠᠯ ᠠᠴᠠ ᠦᠵᠡᠪᠡᠯ᠂ ᠣᠷᠣᠨ ᠤ ᠳᠣᠲᠣᠨᠠᠬᠢ ᠠᠶᠠᠯᠠᠯ ᠨᠢ ᠭᠤᠣᠯᠳᠠᠭᠤ ᠤᠯᠠᠭᠠᠨᠬᠠᠳᠠ᠂ ᠬᠥᠯᠥᠨ ᠪᠤᠶᠢᠷ᠂ ᠲᠦᠩᠯᠢᠶᠣᠣ ᠵᠡᠷᠭᠡ ᠬᠤᠲᠠ ᠳᠤ ᠲᠥᠪᠯᠡᠷᠡᠵᠦ᠂ ᠣᠷᠣᠨ ᠤ ᠭᠠᠳᠠᠨᠠᠬᠢ ᠠᠶᠠᠯᠠᠯ ᠨᠢ ᠭᠤᠣᠯᠳᠠᠭᠤ ᠪᠡᠭᠡᠵᠢᠩ᠂ ᠰᠢ ᠠᠨ᠂ ᠱᠠᠩᠬᠠᠢ᠂ ᠲᠢᠶᠠᠨᠵᠢᠨ᠂ ᠬᠠᠶᠢᠺᠧᠦ᠂ ᠭᠤᠸᠠᠩᠵᠧᠦ᠂ ᠬᠠᠩᠵᠧᠦ ᠵᠡᠷᠭᠡ ᠬᠤᠳᠠ ᠳᠤ ᠲᠥᠪᠯᠡᠷᠡᠪᠡ᠃      ᠠᠶᠠᠨᠴᠢᠳ ᠤᠨ ᠠᠮᠤᠷ ᠲᠦᠪᠰᠢᠨ᠂ ᠰᠠᠭᠠᠳ ᠦᠭᠡᠢ ᠠᠶᠠᠯᠠᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠴᠠᠭᠠᠨ ᠰᠠᠷ᠎ᠠ ᠶᠢᠨ ᠡᠮᠦᠨ᠎ᠡ ᠠᠴᠠ ᠡᠬᠢᠯᠡᠨ ᠵᠥᠭᠡᠭᠡᠪᠦᠷᠢ  ᠶᠢᠨ ᠪᠠᠲᠤᠯᠠᠭ᠎ᠠ ᠶᠢᠨ ᠪᠠᠶᠢᠴᠠᠭᠠᠯᠲᠠ ᠥᠷᠨᠢᠭᠦᠯᠵᠦ᠂ ᠡᠯ᠎ᠡ ᠬᠠᠷᠢᠶ᠎ᠠ ᠨᠢᠰᠬᠡᠯ ᠤᠨ ᠪᠠᠭᠤᠳᠠᠯ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠤᠷᠢᠳᠴᠢᠯᠠᠨ ᠲᠣᠭᠲᠠᠭᠠᠵᠤ᠂ ᠡᠭᠡᠯᠵᠢ ᠶᠢᠨ ᠨᠢᠰᠬᠡᠯ ᠢ ᠬᠢᠨᠠᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠡᠭᠡᠯᠵᠢ ᠶᠢᠨ ᠨᠢᠰᠬᠡᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠡᠢ᠃ ᠡᠨᠡ ᠵᠢᠯ ᠤᠨ ᠴᠠᠭᠠᠨ ᠰᠠᠷ᠎ᠠ ᠶᠢᠨ ᠵᠥᠭᠡᠭᠡᠪᠦᠷᠢ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ  ᠤᠨ ᠤᠯᠠᠷᠢᠯ ᠤᠨ ᠲᠠᠮᠢᠷ ᠤᠨ ᠴᠤᠭᠯᠠᠭᠠᠨ ᠲᠠᠢ ᠲᠣᠬᠢᠶᠠᠯᠳᠤᠵᠤ᠂ ᠥᠪᠥᠷ ᠮᠣᠩᠭᠤᠯ ᠤᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠡᠯᠵᠢ ᠶᠢᠨ ᠨᠢᠰᠬᠡᠯ ᠤᠨ ᠲᠤᠰᠬᠠᠢ ᠪᠠᠲᠤᠯᠠᠭ᠎ᠠ ᠶᠢᠨ ᠲᠥᠰᠥᠯ ᠢ ᠲᠣᠭᠲᠠᠭᠠᠨ ᠬᠡᠷᠡᠭᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠣᠯᠣᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠠᠨᠴᠢᠳ ᠤᠨ ᠤᠷᠤᠰᠬᠠᠯ ᠳᠠᠪᠬᠤᠴᠠᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠵᠥᠭᠡᠭᠡᠪᠦᠷᠢ ᠶᠢᠨ ᠬᠡᠮᠵᠢᠶ᠎ᠡ ᠶᠢ ᠤᠷᠢᠳᠴᠢᠯᠠᠨ ᠵᠢᠱᠢᠬᠦ ᠪᠣᠯᠣᠨ ᠠᠶᠠᠨᠴᠢᠳ ᠤᠨ ᠤᠷᠤᠰᠬᠠᠯ ᠤᠨ ᠪᠠᠲᠤᠯᠠᠭ᠎ᠠ ᠶᠢᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠭᠰᠡᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号